ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 9  ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/20
480326.jpg
     6 ᠰᠠᠷ᠎ᠠ ᠶᠢᠨ 16᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 9  ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠎ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ 2023 ᠣᠨ ᠤ ᠳᠡᠭᠡᠷ᠎ᠡ ᠬᠠᠭᠠᠰ ᠵᠢᠯ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠢᠳᠡᠭᠡᠨ ᠤ ᠠᠮᠤᠷ ᠲᠦᠪᠰᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠢᠨᠢᠩ ᠲᠣᠭᠤᠷᠢᠭ ᠤᠨ 2023 ᠣᠨ ᠤ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ︽ᠵᠢᠨᠢᠩ ᠲᠣᠭᠤᠷᠢᠭ ᠤᠨ 2023 ᠣᠨ ᠤ ᠢᠯᠴᠢ ᠬᠠᠩᠭᠠᠯᠭ᠎ᠠ ᠶᠢᠨ ᠬᠤᠶᠠᠳᠠᠬᠢ ᠤᠳᠠᠭᠠᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠎ ᠢ ᠰᠤᠳᠤᠯᠤᠨ ᠬᠢᠨᠠᠨ ᠵᠥᠪᠯᠡᠪᠡ᠃      ᠬᠤᠷᠠᠯ ᠠᠴᠠ  ᠵᠢᠭᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂  ᠬᠡᠪᠴᠢᠶ᠎ᠠ ᠬᠤᠪᠢᠶᠠᠨ ᠪᠦᠬᠦᠨ ᠢ ᠪᠦᠷᠬᠦᠬᠦᠯᠬᠦ ᠰᠤᠷᠤᠯᠴᠠᠯᠭ᠎ᠠ ᠪᠣᠯᠪᠠᠰᠤᠷᠠᠯ ᠢ ᠥᠷᠨᠢᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠯ᠎ᠡ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ᠂ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠭᠤᠤᠯᠳᠠᠯᠭ᠎ᠠ ᠲᠠᠢ ᠠᠵᠢᠯ ᠢ ᠰᠢᠯᠢᠳᠡᠭᠵᠢᠭᠦᠯᠦᠨ᠂ ᠠᠵᠢᠯ ᠤᠨ ᠵᠢᠯᠣᠭᠤᠳᠣᠯᠭ᠎ᠠ᠂ ᠰᠢᠮᠳᠠᠭᠤᠯᠤᠨ ᠪᠠᠶᠢᠴᠠᠭᠠᠬᠤ ᠪᠠ ᠮᠥᠷᠳᠡᠨ ᠦᠷ᠎ᠡ ᠪᠦᠲᠦᠮᠵᠢ ᠶᠢ ᠠᠰᠠᠭᠤᠬᠤ ᠪᠠᠨ ᠦᠷᠭᠦᠯᠵᠢᠯᠡᠨ ᠴᠢᠩᠭᠠᠳᠬᠠᠵᠤ᠂ ᠮᠠᠨ ᠤ  ᠲᠤᠭᠤᠷᠢᠭ ᠤᠨ  ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ︽ᠴᠠᠭ ᠢᠮᠠᠭᠲᠠ ᠰᠠᠨᠠᠭ᠎ᠠ ᠠᠮᠤᠷ ᠥᠬᠡᠶ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠷᠠᠳ ᠣᠯᠠᠨ ᠤ ︽ᠢᠳᠡᠰᠢᠨ ᠨᠣᠭᠤᠭ᠎ᠠ︾᠂ ︽ᠬᠦᠨᠡᠰᠦᠨ ᠤᠭᠤᠲᠠ︾᠂ ︽ᠵᠢᠮᠢᠰ ᠤᠨ ᠫᠢᠯᠠ︾᠎ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠴᠢᠬᠤᠯᠠ ᠶᠡᠭᠡ ᠬᠡᠷᠡᠭ ᠥᠯᠥ ᠭᠠᠷᠭᠠᠬᠤ ᠬᠢᠵᠠᠭᠠᠷ ᠱᠤᠭᠤᠮ ᠢ  ᠪᠠᠲᠤ ᠰᠠᠬᠢᠬᠤ ᠬᠡᠷᠡᠭᠲᠡᠶ᠃ ᠢᠳᠡᠭᠡᠨ ᠤ ᠠᠮᠤᠷ ᠲᠦᠪᠰᠢᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠬᠢ ᠡᠭᠦᠰᠦᠯ ᠠᠴᠠ ᠨᠢ ᠵᠠᠰᠠᠬᠤ᠂ ᠶᠠᠪᠤᠴᠠ ᠶᠢ ᠬᠠᠮᠢᠶᠠᠷᠤᠨ ᠡᠵᠡᠮᠳᠡᠬᠦ᠂ ᠡᠴᠦᠰ ᠤᠨ ᠦᠵᠦᠭᠦᠷ ᠲᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠰᠤᠷᠭᠠᠭᠤᠯᠢ᠂ ᠨᠠᠰᠤᠲᠠᠨ ᠢ ᠠᠰᠠᠷᠠᠬᠤ ᠬᠦᠷᠢᠶᠡᠯᠡᠩ᠂ ᠡᠮᠨᠡᠯᠭᠡ ᠶᠢᠨ ᠬᠤᠷᠢᠶ᠎ᠠ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠨᠡᠭᠦᠳᠡᠯ ᠳᠡᠯᠭᠡᠭᠦᠷᠴᠢᠨ᠂ ᠬᠦᠷᠭᠡᠳᠡᠭ ᠬᠤᠭᠤᠯᠠ ᠵᠡᠷᠭᠡ ᠬᠦᠷᠢᠶ᠎ᠡ ᠴᠠᠷᠠᠭ᠎ᠠ ᠶᠢ ᠴᠠᠭ ᠢᠮᠠᠭᠲᠠ ᠠᠩᠬᠠᠷᠴᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠥᠭᠡᠳ ᠨᠢᠭᠲᠠ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                          ᠵᠢᠷᠤᠭ᠄ ᠴᠢᠶᠤᠤ ᠮᠢᠨ                          ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2