ᠺᠠᠩ ᠬᠠᠶ ᠷᠦᠢ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ ‍ᠤᠨ‌‍ᠴᠡᠭᠴᠡᠯᠡᠨ ᠵᠠᠰᠠᠬᠤ ᠠᠵᠢᠯ ᠢ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2023/6/20
705470.jpg
      6 ᠳ᠋ᠤᠭᠠᠷ ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ ‍ᠤᠨ‌‍ᠴᠡᠭᠴᠡᠯᠡᠨ ᠵᠠᠰᠠᠬᠤ ᠠᠵᠢᠯ ᠢ ᠬᠢᠨᠠᠨ ᠵᠢᠯᠤᠭᠤᠳᠪᠠ᠃       ᠺᠠᠩ ᠬᠠᠶ ᠷᠦᠢ ᠤᠷᠢᠳ ᠬᠤᠵᠢᠳ ᠭᠤᠸᠠᠩ ᠮᠢᠩ ᠬᠦᠴᠦᠳᠡᠯ ᠥᠭᠡᠷᠡᠴᠢᠯᠡᠬᠦ ᠥᠷᠲᠡᠭᠡᠨ ᠤ  ᠴᠡᠴᠡᠷᠯᠢᠭ᠂ ᠶᠡᠭᠡ ᠰᠤᠷᠭᠠᠭᠤᠯᠢ ᠶᠢᠨ ᠲᠠᠮᠢᠷ ᠤᠨ ᠴᠡᠴᠡᠷᠯᠢᠭ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠡᠭᠦᠨ ᠡᠭᠦᠳᠡ᠂ ᠮᠣᠩᠭᠤᠯ ᠳᠤᠮᠳᠠᠳᠤ ᠰᠤᠷᠭᠠᠭᠤᠯᠢ ᠳᠤ ᠬᠦᠷᠴᠦ᠂ ᠡᠯ᠎ᠡ ᠵᠠᠩᠭᠢᠯᠠᠭ᠎ᠠ ᠶᠢᠨ ᠴᠡᠭ ᠤᠨ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠤᠤᠯ ᠪᠣᠯᠬᠤ ᠵᠣᠴᠢᠨ ᠤᠭᠲᠤᠬᠤ ᠵᠠᠮ ᠬᠠᠷᠢᠯᠴᠠᠭ᠎ᠠ᠂ ᠰᠠᠭᠤᠷᠢ ᠪᠡᠯᠡᠳᠬᠡᠮᠵᠢ ᠶᠢᠨ ᠥᠭᠡᠷᠡᠴᠢᠯᠡᠯᠲᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠨᠠᠷᠢᠯᠢᠬᠵᠢᠭᠤᠯᠤᠨ ᠬᠠᠮᠢᠶᠠᠷᠬᠤ᠂ ᠨᠥᠬᠦᠵᠦ ᠨᠣᠭᠤᠭᠠᠷᠠᠭᠤᠯᠬᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ᠂ ᠪᠠᠷᠢᠯᠭ᠎ᠠ ᠶᠢᠨ ᠶᠠᠰᠤ ᠴᠢᠨᠠᠷ ᠵᠡᠷᠭᠡ ᠲᠠᠯ᠎ᠠ ᠶᠢᠨ ᠠᠵᠢᠯ ᠤᠨ ᠲᠠᠯ᠎ᠠ ᠪᠠᠷ ᠪᠣᠳᠠᠲᠠᠶ ᠱᠠᠭᠠᠷᠳᠠᠯᠭ᠎ᠠ  ᠲᠤᠷᠠᠳᠴᠠᠢ᠃     ᠺᠠᠩ ᠬᠠᠶ ᠷᠦᠢ ᠬᠡᠯᠡᠬᠦ ᠳᠡᠭᠡᠨ᠂ ᠳᠤᠲᠠᠭᠳᠠᠯ ᠢ ᠪᠦᠬᠦ ᠲᠠᠯ᠎ᠠ ᠪᠠᠷ ᠪᠠᠶᠢᠴᠠᠭᠠᠵᠤ ᠳᠤᠲᠠᠭᠳᠠᠯ ᠢ ᠨᠥᠬᠦᠪᠥᠷᠢᠯᠡᠬᠦ ᠬᠡᠷᠡᠭᠲᠡᠶ᠂  ᠪᠠᠭᠤᠷᠠᠶ ᠲᠠᠯ᠎ᠠ ᠶᠢ ᠡᠮᠬᠢᠯᠡᠨ ᠳᠢᠭᠯᠡᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠷᠠᠭᠤᠯᠤᠨ᠂ ᠵᠠᠮ ᠱᠤᠭᠤᠮ ᠤᠨ ᠥᠩᠭᠡ ᠦᠵᠡᠮᠵᠢ ᠶᠢ ᠱᠤᠭᠤᠬᠤ᠂ ᠨᠣᠭᠤᠭᠠᠷᠠᠭᠤᠯᠤᠨ ᠭᠡᠷᠡᠯᠲᠦᠭᠦᠯᠬᠦ᠂ ᠰᠠᠭᠤᠷᠢ ᠪᠡᠯᠡᠳᠬᠡᠮᠵᠢ ᠶᠢ ᠢᠵᠢ ᠪᠦᠷᠢᠳᠦᠭᠦᠯᠬᠦ ᠵᠡᠷᠭᠡ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠵᠢᠨᠢᠩ ᠤᠨ ᠬᠤᠲᠠ ᠶᠢᠨ ᠳᠦᠷᠢ ᠲᠥᠷᠬᠦ᠂ ᠬᠤᠲᠠ ᠶᠢᠨ ᠣᠷᠴᠢᠨ ᠲᠣᠭᠤᠷᠢᠨ ᠪᠠ ᠬᠤᠲᠠ ᠶᠢᠨ ᠥᠩᠭᠡ ᠦᠵᠡᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ᠂ ᠨᠣᠭᠤᠭᠠᠷᠠᠭᠤᠯᠤᠯᠲᠠ ᠵᠢᠴᠢ ᠵᠠᠮ ᠬᠠᠷᠢᠯᠴᠠᠭᠠᠨ ᠤ ᠪᠡᠯᠡᠳᠬᠡᠮᠵᠢ᠂ ᠵᠠᠮ ᠳᠡᠭᠡᠷᠡᠬᠢ ᠠᠷᠢᠭᠤᠨ ᠴᠡᠪᠡᠷ ᠠᠷᠢᠭᠤᠨ ᠴᠡᠪᠡᠷ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠵᠤᠭᠠᠴᠠᠭᠰᠠᠳ ᠪᠣᠯᠤᠨ ᠬᠤᠲᠠ ᠶᠢᠨ ᠠᠷᠠᠳ ᠲᠤ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠶᠠᠪᠤᠵᠤ ᠰᠠᠭᠤᠬᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃ ᠬᠥᠮᠦᠨ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ︽  ᠴᠡᠴᠡᠷᠯᠢᠭ︾᠎ ᠤᠨ ᠰᠡᠯᠡᠭᠦᠴᠡᠯ ᠤᠨ ᠴᠢᠨᠠᠷ ᠪᠠ ᠴᠢᠳᠠᠮᠵᠢᠳᠤ ᠴᠢᠨᠠᠷ ᠢ ᠤᠯᠠᠮ ᠨᠢᠭᠡ ᠠᠯᠬᠤᠮ ᠳᠣᠪᠤᠶᠢᠯᠭᠠᠨ᠂ ᠦᠨᠡᠨ ᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠶ ᠶᠠᠪᠤᠳᠠᠯ ᠢ ᠪᠣᠳᠠᠲᠠᠶ ᠪᠠᠷ ᠬᠢᠬᠦ ᠬᠡᠷᠡᠭᠲᠡᠶ       ᠯᠢ ᠯᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                     ᠵᠢᠷᠤᠭ᠄ ᠴᠢᠶᠤᠤ ᠮᠢᠨ                     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2