ᠵᠢᠨᠢᠩ ᠲᠣᠭᠤᠷᠢᠭ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/25
705470.jpg
     6 ᠰᠠᠷ᠎ᠠ ᠶᠢᠨ 23᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃       ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠢᠩᠰᠢᠶᠠ ᠶᠢᠨ ᠢᠷᠭᠠᠢ ᠬᠤᠳᠠ ᠶᠢᠨ ᠰᠢᠩ ᠴᠢᠩ ᠲᠣᠭᠤᠷᠢᠭ ᠤᠨ ᠹᠦ᠋ ᠶᠠᠩ ᠰᠢᠷᠠᠯᠭ᠎ᠠ ᠶᠢᠨ ᠳᠡᠯᠭᠡᠭᠦᠷ ᠤᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠮᠠᠨ ᠤ ᠲᠤᠭᠤᠷᠢᠭ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ︽ᠬᠦᠨᠳᠦ ᠶᠡᠭᠡ ᠭᠡᠮ ᠰᠣᠭᠤᠭ ᠪᠣᠯ ᠳᠠᠷᠤᠢ ᠠᠳᠡᠯ︾ ᠭᠡᠬᠦ ᠵᠠᠷᠴᠢᠮ ᠢ ᠪᠠᠷᠢᠮᠲᠠᠯᠠᠵᠤ᠂ ︽ᠠᠶᠤᠯᠭᠦᠢ ᠦᠢᠯᠡᠳᠪᠦᠷᠢᠯᠡᠯ ᠡᠭᠦᠷᠢᠳᠡ ᠳᠠᠭᠤᠰᠤᠰᠢ ᠦᠭᠡᠢ ᠪᠠᠶᠢᠬᠤ︾ ᠤᠬᠠᠮᠰᠠᠷ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠭᠡᠬᠦ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ  ᠪᠠᠲᠤ ᠰᠠᠬᠢᠬᠤ ᠬᠡᠷᠡᠭᠲᠡᠢ᠃ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠵᠦᠶᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠠᠰᠠᠭᠤᠳᠠᠯ ᠤᠨ ᠳᠠᠯᠳᠠ ᠬᠡᠮ ᠢ ᠬᠢᠨᠠᠮᠠᠭᠠᠶ ᠵᠢᠭᠰᠠᠭᠠᠨ ᠪᠠᠶᠢᠴᠠᠭᠠᠵᠤ᠂ ᠪᠥᠬᠦ  ᠲᠤᠭᠤᠷᠢᠭ ᠤᠨ ᠰᠢᠲᠠᠮᠠᠬᠠᠶ ᠬᠡᠶ ᠶᠢᠨ ᠬᠠᠩᠭᠠᠯᠭ᠎ᠠ᠂ ᠦᠶᠯᠡᠳᠪᠦᠷᠢᠯᠡᠯ᠂ ᠪᠠᠷᠢᠯᠭ᠎ᠠ ᠪᠠᠷᠢᠬᠤ᠂ ᠳᠣᠭᠢᠷᠠᠭᠤᠯᠤᠨ ᠬᠦᠷᠭᠡᠬᠦ᠂ ᠬᠡᠷᠡᠭᠯᠡᠬᠦ ᠠᠵᠤ ᠠᠬᠤᠶᠢᠯᠠᠯ ᠵᠡᠷᠭᠡ ᠭᠤᠭᠴᠤᠭ᠎ᠠ ᠪᠠ ᠲᠠᠯᠠᠪᠤᠷ ᠭᠠᠵᠠᠷ ᠲᠤ ᠪᠥᠬᠦ ᠲᠠᠯ᠎ᠠ ᠪᠠᠷ ᠬᠢᠨᠠᠨ ᠬᠠᠮᠢᠶᠠᠷᠬᠤ᠂ ᠱᠠᠲᠤ ᠬᠤᠪᠢᠶᠠᠨ ᠵᠠᠰᠠᠬᠤ ᠪᠠ ᠠᠮᠤᠷ ᠲᠦᠪᠰᠢᠨ ᠤ ᠳᠠᠯᠳᠠ ᠬᠡᠮ ᠤᠨ ᠪᠢᠲᠡᠭᠦᠦ ᠴᠠᠭᠠᠷᠢᠭ ᠢ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠨ ᠤ ᠲᠤᠭᠤᠷᠢᠭ ᠤᠨ ᠰᠢᠲᠠᠮᠠᠬᠠᠶ ᠬᠡᠶ ᠶᠢᠨ ᠠᠶᠤᠯ ᠥᠬᠡᠶ ᠦᠶᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠠᠬᠢᠭᠤᠯᠬᠤ ᠬᠡᠷᠡᠭᠲᠡᠶ᠃        ᠬᠤᠷᠠᠯ ᠎ ᠠᠴᠠ ᠱᠠᠭᠠᠷᠳᠠᠭᠰᠠᠨ ᠨᠢ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠵᠦ᠂ ᠰᠢᠲᠠᠮᠠᠬᠠᠶ ᠬᠡᠶ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠴᠡᠭᠴᠡᠯᠡᠨ ᠵᠠᠰᠠᠬᠤ ᠠᠵᠢᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠬᠦᠨᠳᠦ ᠶᠡᠭᠡ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠪᠠᠷ ᠬᠦᠷᠦᠯᠴᠡᠬᠦ ᠥᠬᠡᠶ᠂ ᠬᠤᠭᠤᠴᠠᠭ᠎ᠠ ᠬᠡᠲᠦᠷᠡᠲᠡᠯ᠎ᠡ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠥᠬᠡᠶ ᠵᠢᠴᠢ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠭ᠎ᠠ ᠠᠵᠤ ᠠᠬᠤᠶᠢᠯᠠᠯ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠬᠢᠨᠠᠯᠲᠠ ᠲᠠᠯᠪᠢᠵᠤ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠲᠠᠮᠠᠬᠠᠶ ᠬᠡᠶ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠲᠤᠰᠬᠠᠶ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠮᠤᠷ ᠲᠦᠪᠰᠢᠨ ᠤ ᠥᠪᠡᠷ ᠢ ᠪᠠᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠵᠤᠬᠠᠭᠤᠯᠬᠤ ᠰᠠᠯᠠᠭ᠎ᠠ ᠮᠥᠴᠢᠷ ᠤᠨ ᠬᠢᠨ ᠰᠢᠲᠠᠮᠠᠬᠠᠶ ᠬᠡᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠬᠤᠳᠠᠯᠳᠤᠭᠠᠴᠢᠨ ᠡᠷᠦᠬᠡ ᠪᠣᠯᠤᠨ ᠰᠠᠭᠤᠭᠠᠯᠢ ᠠᠷᠠᠳ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠰᠢᠲᠠᠮᠠᠬᠠᠶ ᠬᠡᠶ ᠶᠢ ᠵᠢᠷᠤᠮᠵᠢᠯ ᠲᠠᠢ ᠬᠡᠷᠡᠭᠯᠡᠬᠦ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠰᠢᠲᠠᠮᠠᠬᠠᠶ ᠬᠡᠶ ᠶᠢᠨ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠶᠯᠡᠳᠦᠯ ᠢ ᠭᠦᠶᠴᠡᠳ ᠪᠠᠳᠠᠷᠠᠭᠤᠯᠤᠨ᠂ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠰᠢᠲᠠᠮᠠᠬᠠᠶ ᠬᠡᠶ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ ᠭᠡᠵᠡᠢ᠃       ᠶᠤᠤ ᠬᠠᠶ ᠮᠢᠩ᠂ ᠶᠠᠩ ᠶᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                               ᠵᠢᠷᠤᠭ᠄ ᠴᠢᠶᠤᠤ ᠮᠢᠨ                               ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2