ᠺᠠᠩ ᠬᠠᠶ ᠷᠦᠢ ᠮᠠᠨ ᠤ ᠲᠤᠭᠤᠷᠢᠭ ᠤᠨ ᠰᠥᠨᠢ ᠶᠢᠨ ᠵᠠᠬ᠎ᠠ ᠳᠡᠯᠭᠡᠭᠦᠷ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/25
705470.jpg
      6 ᠳ᠋ᠤᠭᠠᠷ ᠰᠠᠷ᠎ᠠ ᠶᠢᠨ 23᠎ ᠤ ᠡᠳᠦᠷ ᠤᠨ ᠣᠷᠣᠶ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠮᠠᠨ ᠤ  ᠲᠤᠭᠤᠷᠢᠭ ᠤᠨ ᠰᠥᠨᠢ ᠶᠢᠨ ᠵᠠᠬ᠎ᠠ ᠳᠡᠯᠭᠡᠭᠦᠷ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ      ᠺᠠᠩ ᠬᠠᠶ ᠷᠦᠢ ᠤᠷᠢᠳ ᠬᠤᠵᠢᠳ  ᠬᠤ᠋ ᠱᠠᠨ  ᠡᠷᠲᠡᠨ ᠤ ᠬᠤᠲᠠ ᠶᠢᠨ ᠶᠠᠪᠠᠭᠠᠨ ᠵᠡᠭᠡᠯᠢ ᠶᠢᠨ ᠰᠥᠨᠢ ᠶᠢᠨ ᠵᠠᠬ᠎ᠠ ᠳᠡᠯᠭᠡᠭᠦᠷ᠂  ᠠᠷᠠᠰᠤᠨ ᠡᠳ᠋ᠯᠡᠯ ᠤᠨ ᠬᠤᠲᠠ ᠶᠢᠨ ᠰᠥᠨᠢ ᠶᠢᠨ ᠵᠠᠬ᠎ᠠ ᠳᠡᠯᠭᠡᠭᠦᠷ᠂ ᠲᠢᠶᠠᠨ ᠾᠧᠩ ᠲᠠᠯᠠᠪᠠᠶ ᠶᠢᠨ ᠰᠥᠨᠢ ᠶᠢᠨ ᠵᠠᠬ᠎ᠠ ᠳᠡᠯᠭᠡᠭᠦᠷ ᠵᠡᠷᠭᠡ ᠭᠠᠵᠠᠷ ᠲᠤ ᠬᠦᠷᠴᠦ᠂ ᠢᠳᠡᠭᠡᠨ ᠤ ᠳᠡᠯᠭᠡᠭᠦᠷᠴᠢᠨ ᠤ ᠰᠢᠩᠭᠡᠨᠵᠢᠮᠡᠯ ᠬᠡᠶ ᠶᠢᠨ ᠪᠣᠯᠣᠳ ᠯᠣᠩᠬᠤ ᠶᠢ ᠲᠣᠭᠲᠠᠭᠠᠯ ᠳᠤ ᠨᠡᠶᠢᠴᠡᠭᠦᠯᠦᠨ ᠬᠡᠷᠡᠭᠯᠡᠭᠰᠡᠨ᠂ ᠰᠢᠲᠠᠮᠠᠬᠠᠶ ᠬᠡᠶ ᠶᠢᠨ ᠲᠦᠭᠰᠢᠭᠦᠷᠢ ᠮᠡᠳᠡᠭᠡᠯᠡᠬᠦ ᠮᠠᠰᠢᠨ ᠤᠭᠰᠠᠷᠠᠭᠰᠠᠨ ᠵᠢᠴᠢ ᠭᠠᠯ ᠤᠨᠲᠠᠷᠠᠭᠠᠬᠤ ᠲᠣᠨᠣᠭᠯᠠᠯ ᠲᠣᠬᠢᠷᠠᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠳᠠᠯᠳᠠ ᠬᠡᠮ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠠᠵᠢᠯ ᠳᠤ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠺᠠᠩ ᠬᠠᠶ ᠷᠦᠢ ᠬᠡᠯᠡᠬᠦ ᠳᠡᠭᠡᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠢᠭᠲᠠ ᠬᠠᠮᠵᠢᠯᠴᠠᠨ᠂ ᠵᠣᠬᠢᠴᠠᠯᠳᠤᠨ ᠬᠥᠳᠡᠯᠦᠯᠴᠡᠵᠦ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠦᠷᠢᠨᠰᠢᠬᠦᠯᠵᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠬᠢᠨᠠᠯᠲᠠ ᠬᠠᠮᠢᠶᠠᠷᠤᠯᠲᠠ ᠦᠶᠯᠡᠴᠢᠯᠡᠭᠡᠨ ᠤ ᠦᠶᠯᠡᠳᠦᠯ ᠴᠢᠳᠠᠪᠤᠷᠢ ᠪᠠᠨ ᠴᠢᠩᠭᠠᠷᠠᠭᠤᠯᠵᠤ᠂ ᠠᠰᠠᠭᠤᠳᠠᠯ ᠢ ᠣᠯᠵᠤ ᠮᠡᠳᠡᠪᠡᠯ ᠳᠠᠷᠤᠶ ᠲᠦᠷᠭᠡᠨ ᠴᠡᠭᠴᠡᠯᠡᠨ  ᠰᠠᠶᠢᠵᠢᠷᠠᠭᠤᠯᠬᠤ ᠬᠡᠷᠡᠭᠲᠡᠶ ᠭᠡᠵᠡᠶ᠃ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠦᠷᠢᠶᠡᠨ ᠳᠠᠬᠢ ᠡᠯ᠎ᠡ ᠵᠦᠶᠯ ᠤᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠡᠯ᠎ᠡ ᠵᠦᠶᠯ ᠤᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠦᠨᠳᠦ ᠶᠡᠭᠡ ᠣᠨᠴᠠ ᠶᠡᠭᠡ ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ  ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃      ᠶᠤᠤ ᠬᠠᠶ ᠮᠢᠩ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                   ᠵᠢᠷᠤᠭ᠄ ᠴᠢᠶᠤᠤ ᠮᠢᠨ                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2