ᠵᠢᠨᠢᠡᠭ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ︽ᠵᠢᠨᠢᠩ ᠲᠣᠭᠤᠷᠢᠭ ᠤᠨ 2023 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/6/28
                        ᠵᠢᠨᠢᠩ ᠵᠠᠰᠠᠭ ﹇2023﹈ 59  ᠳ᠋ᠦ᠋ᠭᠡᠷ ᠲᠣᠭᠠᠲᠤᠰᠢᠶᠠᠩ᠂ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠨᠦᠭᠦᠳ ᠲᠤ᠄     ︽ᠵᠢᠨᠢᠩ ᠲᠣᠭᠤᠷᠢᠭ ᠤᠨ 2023 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ︾᠎ ᠢ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠨᠢᠭᠡᠳᠦᠭᠡᠷ ᠤᠳᠠᠭ᠎ᠠ ᠶᠢᠨ ᠠᠵᠢᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                 ᠣᠨᠴᠠᠭᠠᠶᠢᠯᠠᠨ ᠮᠡᠳᠡᠭᠳᠡᠪᠡ                                 2023 ᠣᠨ ᠤ 6 ᠰᠠᠷ᠎ᠠ ᠶᠢᠨ 15᠎ ᠤ ᠡᠳᠦᠷ                                      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠵᠢᠨᠢᠩ ᠲᠣᠭᠤᠷᠢᠭ ᠤᠨ 2023 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ  ᠤᠨ ᠬᠡᠷᠡᠭᠵᠢᠭᠦᠯᠬᠦ ᠰᠠᠨᠠᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ  ᠬᠦᠷᠦᠭᠰᠡᠳ ᠤᠨ ᠬᠠᠤᠯᠢ ᠴᠠᠭᠠᠵᠠ ᠬᠠᠤᠯᠢ ᠲᠣᠭᠲᠠᠭᠠᠯ ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ ᠶᠢ ᠭᠦᠶᠴᠡᠳᠬᠡᠬᠦ ᠶᠠᠪᠤᠳᠠᠯ ᠤᠨ ᠵᠢᠯᠣᠭᠤᠳᠬᠤ ᠰᠠᠨᠠᠯ︾ ︵ᠥᠪᠥᠷ ᠰᠤᠷᠭᠠᠨ ᠬᠥᠮᠦᠵᠢᠯ︹ 2023 ︺ 31  ᠳ᠋ᠦ᠋ᠭᠡᠷ ᠲᠣᠭᠠᠲᠤ︶ ︽ᠤᠯᠠᠭᠠᠨᠴᠠᠪ ᠬᠤᠲᠠ ᠶᠢᠨ ︿ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ ᠶᠢ ᠭᠦᠶᠴᠡᠳᠬᠡᠬᠦ﹀᠎ ᠶᠢᠨ ᠬᠡᠷᠡᠭᠵᠢᠭᠦᠯᠬᠦ ᠲᠥᠰᠦᠯ︾ ︵  ᠤᠯᠠᠭᠠᠨᠴᠠᠪ  ᠰᠤᠷᠭᠠᠨ ᠬᠦᠮᠦᠵᠢᠯ ︹ 2023 ︺ 15 ᠳ᠋ᠤᠭᠠᠷ ᠲᠣᠭᠠᠲᠤ︶ ︽2023 ᠣᠨ ᠤ ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠤᠯᠠᠭᠠᠨᠴᠠᠪ  ᠰᠤᠷᠭᠠᠨ ᠬᠦᠮᠦᠵᠢᠯ︹ 2023 ︺ 20 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ  ᠠᠬᠢᠭᠤᠯᠬᠤ ᠲᠤᠬᠠᠶ ᠬᠤᠲᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ  ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃          ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠣᠰᠣ ᠮᠣᠷᠠᠯ ᠢ ᠪᠣᠶ ᠪᠣᠯᠭᠠᠨ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠶᠢ ᠠᠬᠢᠭᠤᠯᠬᠤ ᠪᠠᠷ ᠬᠠᠷᠠᠯᠲᠠ ᠪᠣᠯᠭᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠦᠶᠯᠡ ᠠᠵᠢᠯᠯᠠᠭ᠎ᠠ ᠶᠢ ᠦᠨᠡᠨᠬᠦ ᠵᠢᠷᠤᠮᠵᠢᠭᠤᠯᠵᠤ᠂ ᠵᠢᠨᠢᠩ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠪᠣᠯᠤᠨ ᠨᠥᠬᠦᠴᠡᠯ ᠳᠤ ᠨᠡᠶᠢᠴᠡᠬᠦ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠬᠠᠷᠢᠴᠠᠩᠭᠤᠶ ᠣᠶᠢᠷ᠎ᠠ ᠬᠠᠪᠢ ᠶᠢᠨ ᠰᠤᠷᠭᠠᠭᠤᠯᠢ ᠳᠤ ᠣᠴᠢᠵᠤ ᠰᠤᠷᠤᠯᠴᠠᠬᠤ ᠶᠢ ᠦᠨᠡᠨᠬᠦ ᠪᠠᠲᠤᠯᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃       ᠬᠤᠶᠠᠷ᠂ ᠦᠨᠳᠦᠰᠦᠨ ᠵᠠᠷᠴᠢᠮ        ︵ᠨᠢᠭᠡ︶ ᠨᠢᠭᠡᠳᠦᠯᠲᠡᠶ ᠲᠥᠯᠥᠪᠵᠢᠭᠦᠯᠬᠦ᠂ ᠲᠡᠩᠴᠡᠭᠦᠷᠢᠲᠡᠶ ᠬᠥᠭᠵᠢᠭᠦᠯᠬᠦ ᠵᠠᠷᠴᠢᠮ ᠢ ᠪᠠᠷᠢᠮᠲᠠᠯᠠᠨ᠎ᠠ      ᠬᠤᠲᠠ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠬᠥᠮᠦᠨ ᠠᠮᠠ ᠶᠢᠨ ᠰᠢᠯᠵᠢᠯᠲᠡ ᠶᠢᠨ ᠬᠠᠨᠳᠤᠰᠢ᠂ ᠬᠥᠮᠦᠨ ᠠᠮᠠ ᠶᠢᠨ ᠣᠷᠣᠨ ᠰᠠᠭᠤᠴᠠ ᠶᠢᠨ ᠨᠢᠭᠲᠠᠴᠠ ᠵᠡᠷᠭᠡ ᠬᠦᠴᠦᠨ ᠵᠦᠶᠯ ᠢ ᠭᠦᠶᠴᠡᠳ ᠪᠣᠳᠣᠯᠬᠢᠯᠠᠵᠤ᠂ ᠰᠤᠷᠬᠤ ᠨᠠᠰᠤᠨ ᠤ ᠬᠡᠤᠬᠡᠳ ᠪᠠᠭᠠᠴᠤᠳ ᠨᠢᠭᠡᠪᠦᠷᠢ ᠳᠤ ᠬᠠᠨᠳᠤᠭᠤᠯᠤᠭᠰᠠᠨ ᠰᠤᠷᠭᠠᠨ ᠬᠥᠮᠦᠵᠢᠯ ᠤᠨ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠰᠣᠷᠣᠭᠴᠢ ᠡᠯᠰᠡᠬᠦ ᠬᠡᠰᠡᠭ ᠣᠷᠣᠨ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠷ ᠬᠤᠪᠢᠶᠠᠷᠢᠯᠠᠵᠤ᠂ ᠨᠡᠶᠢᠭᠡᠮ ᠨᠡᠶᠢᠲᠡ ᠳᠤ ᠨᠡᠶᠢᠲᠡᠯᠡᠨ᠎ᠡ᠃ ᠬᠥᠮᠦᠨ ᠠᠮᠠ ᠲᠥᠪᠯᠡᠷᠡᠨ ᠰᠠᠭᠤᠷᠢᠰᠢᠭᠰᠠᠨ ᠣᠷᠣᠨ ᠪᠦᠰᠡ ᠳᠤ᠂ ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ᠂ ᠰᠤᠷᠭᠠᠭᠤᠯᠢ ᠪᠠᠨ ᠬᠦᠴᠦᠷᠬᠡᠭᠵᠢᠭᠦᠯᠦᠨ ᠪᠠᠭᠤᠷᠠᠶ ᠰᠤᠷᠭᠠᠭᠤᠯᠢ ᠪᠠᠨ ᠳᠠᠭᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠪᠠᠭᠠᠰᠬᠠᠵᠤ᠂ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃      ︵ᠬᠤᠶᠠᠷ︶ ᠬᠠᠷᠢᠴᠠᠩᠭᠤᠶ ᠪᠠᠷ ᠲᠣᠭᠲᠠᠭᠤᠨ ᠪᠠᠶᠢᠯᠭᠠᠬᠤ᠂ ᠵᠣᠬᠢᠰᠲᠠᠶ ᠪᠠᠷ ᠲᠣᠬᠢᠷᠠᠭᠤᠯᠬᠤ ᠵᠠᠷᠴᠢᠮ ᠢ ᠪᠠᠷᠢᠮᠲᠠᠯᠠᠨ᠎ᠠ      ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ ᠨᠢ ᠵᠣᠬᠢᠬᠤ ᠬᠤᠭᠤᠴᠠᠭᠠᠨ ᠤ ᠳᠣᠲᠣᠷ᠎ᠠ ᠲᠣᠭᠲᠠᠪᠤᠷᠢᠲᠤ ᠴᠢᠨᠠᠷᠲᠠᠶ ᠪᠠᠶᠢᠳᠠᠭ ᠪᠣᠯᠪᠠᠴᠤ ᠰᠣᠷᠣᠭᠴᠢ ᠶᠢᠨ ᠢᠷᠡᠯᠲᠡ ᠶᠢᠨ ᠲᠤᠭ᠎ᠠ ᠬᠡᠮᠵᠢᠶ᠎ᠡ ᠨᠢ ᠬᠠᠷᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ᠂ ᠣᠷᠣᠨ ᠪᠦᠰᠡ ᠶᠢᠨ ᠳᠣᠲᠣᠷ᠎ᠠ ᠨᠡᠭᠦᠯᠭᠡᠬᠦ᠂ ᠬᠥᠮᠦᠨ ᠠᠮᠠ ᠶᠢᠨ ᠰᠢᠯᠵᠢᠯᠲᠡ ᠵᠡᠷᠭᠡ ᠬᠦᠴᠦᠨ ᠵᠦᠶᠯ ᠤᠨ ᠨᠥᠯᠥᠭᠡ ᠶᠢ ᠭᠥᠷᠳᠡᠳᠡᠭ᠃ ᠵᠢᠨᠢᠩ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠨᠢ ᠬᠡᠰᠡᠭ ᠲᠣᠭᠤᠷᠢᠭ ᠤᠨ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠶᠢ ᠦᠨᠳᠦᠰᠦᠯᠡᠨ ᠬᠡᠰᠡᠭ ᠲᠣᠭᠤᠷᠢᠭ ᠤᠨ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠬᠦ ᠪᠤᠶᠤ ᠪᠠᠭᠠᠰᠬᠠᠵᠤ ᠪᠣᠯᠤᠨ᠎ᠠ᠃ ᠣᠷᠣᠵᠤ ᠰᠠᠭᠤᠬᠤ ᠨᠥᠬᠦᠴᠡᠯ ᠥᠬᠡᠶ ᠠᠰᠠᠷ ᠪᠠᠶᠢᠰᠢᠩ ᠪᠠ ᠬᠤᠳᠠᠯᠳᠤᠭᠠᠨ ᠤ ᠫᠦᠰᠡ᠂ ᠲᠡᠷᠭᠡᠨ ᠬᠥᠮᠥᠷᠭᠡ ᠵᠡᠷᠭᠡ ᠡᠩ ᠤᠨ ᠪᠤᠰᠤ ᠣᠷᠣᠨ ᠰᠠᠭᠤᠴᠠ ᠳᠤ ᠰᠤᠷᠭᠠᠭᠤᠯᠢ ᠶᠢᠨ ᠲᠣᠭᠤᠷᠢᠭ ᠬᠤᠪᠢᠶᠠᠬᠤ ᠥᠬᠡᠶ᠃         ︵ᠭᠤᠷᠪᠠ︶ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ᠎ᠠ      ᠰᠣᠷᠣᠭᠴᠢ ᠡᠯᠰᠡᠬᠦ ᠠᠵᠢᠯ ᠵᠢᠨᠢᠩ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ ᠤᠳᠤᠷᠢᠳᠤᠯᠭ᠎ᠠ ᠳᠣᠤᠷ᠎ᠠ ᠠᠵᠢᠯ ᠢᠶᠠᠨ ᠥᠷᠨᠢᠭᠦᠯᠵᠦ᠂ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ᠂ ᠰᠣᠷᠣᠭᠴᠢ ᠡᠯᠰᠡᠬᠦ ᠲᠥᠯᠥᠪᠯᠡᠭᠡ᠂ ᠰᠣᠷᠣᠭᠴᠢ ᠡᠯᠰᠡᠬᠦ ᠬᠡᠪᠴᠢᠶ᠎ᠡ᠂ ᠰᠣᠷᠣᠭᠴᠢ ᠡᠯᠰᠡᠬᠦ ᠲᠠᠰ ᠳᠠᠷᠠᠭᠠᠯᠠᠯ᠂ ᠢᠯᠡ ᠪᠠᠷ ᠠᠩᠭᠢ ᠬᠤᠪᠢᠶᠠᠬᠤ ᠲᠥᠰᠦᠯ ᠵᠡᠷᠭᠡ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠬᠢᠨᠠᠯᠲᠠ ᠲᠠᠯᠪᠢᠬᠤ ᠳᠤ ᠪᠦᠬᠦ ᠶᠠᠪᠤᠴᠠ ᠪᠠᠷ ᠣᠷᠣᠯᠴᠠᠵᠤ᠂ ᠴᠢᠬᠤᠯᠠ ᠶᠡᠭᠡ ᠠᠰᠠᠭᠤᠳᠠᠯ ᠢ ᠤᠳᠤᠷᠢᠳᠬᠤ ᠳᠤᠭᠤᠶᠢᠯᠠᠩ ᠠᠴᠠ ᠬᠠᠮᠲᠤ ᠪᠠᠷ ᠲᠣᠭᠲᠠᠭᠠᠨ᠎ᠠ᠃        ︵ᠲᠦᠷᠪᠡ︶ ᠬᠠᠤᠯᠢ ᠶᠣᠰᠣᠭᠠᠷ ᠵᠢᠷᠤᠮᠵᠢᠭᠤᠯᠬᠤ ᠵᠠᠷᠴᠢᠮ ᠢ ᠪᠠᠷᠢᠮᠲᠠᠯᠠᠨ᠎ᠠ       ᠰᠤᠷᠭᠠᠨ ᠬᠥᠮᠦᠵᠢᠯ ᠤᠨ ᠶᠠᠮᠤᠨ ᠤ ︽ᠠᠷᠪᠠᠨ ᠵᠦᠶᠯ ᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠬᠤ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ︽ᠢᠯᠡ ᠪᠠᠷ ᠰᠣᠷᠣᠭᠴᠢ ᠡᠯᠰᠡᠵᠦ᠂ ᠢᠯᠡ ᠪᠠᠷ ᠠᠩᠭᠢ ᠬᠤᠪᠢᠶᠠᠬᠤ︾᠎ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠨ᠎ᠠ᠃       ︵ᠲᠠᠪᠤ︶ ᠬᠠᠮᠲᠤᠷᠠᠨ ᠬᠠᠮᠢᠶᠠᠷᠴᠤ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠵᠠᠷᠴᠢᠮ ᠢ ᠪᠠᠷᠢᠮᠲᠠᠯᠠᠨ᠎ᠠ     ᠰᠤᠷᠭᠠᠭᠤᠯᠢ ᠳᠤ ᠣᠷᠣᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠭᠴᠤᠭ᠎ᠠ ᠶᠢ ᠴᠥᠭᠡᠳᠬᠡᠬᠦ᠂ ᠴᠠᠭ ᠢ ᠪᠠᠭᠠᠰᠬᠠᠬᠤ᠂ ᠮᠠᠲ᠋ᠧᠷᠢᠶᠠᠯ ᠢ ᠴᠥᠭᠡᠳᠬᠡᠬᠦ᠂ ᠲᠡᠰ ᠳᠠᠷᠠᠭᠠᠯᠠᠯ ᠢ ᠪᠠᠭᠠᠰᠬᠠᠬᠤ︾ ᠱᠠᠭᠠᠷᠳᠠᠯᠭ᠎ᠠ ᠶᠢᠨ ᠲᠣᠭᠤᠷᠢᠨ ᠳᠤ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠰᠤᠷᠭᠠᠭᠤᠯᠢ ᠳᠤ ᠣᠷᠣᠬᠤ ᠠᠷᠭ᠎ᠠ ᠮᠠᠶ᠋ᠢᠭ ᠤᠨ ᠭᠦᠨᠵᠡᠭᠡᠶ ᠠᠭᠤᠰᠤᠯᠴᠠᠯ ᠢ ᠤᠯᠠᠮ ᠨᠢᠭᠡ ᠠᠯᠬᠤᠮ  ᠠᠬᠢᠭᠤᠯᠵᠤ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ ᠴᠣᠮᠬᠠᠳᠬᠠᠵᠤ᠂ ︽ᠰᠤᠷᠭᠠᠭᠤᠯᠢ ᠳᠤ ᠣᠷᠣᠬᠤ ᠳᠤ ᠨᠢᠭᠡ ᠶᠠᠪᠤᠳᠠᠯ ᠢ ᠭᠦᠢᠴᠡᠳᠬᠡᠬᠦ︾ ᠰᠦᠯᠵᠢᠶᠡᠨ ᠳᠡᠭᠡᠷ᠎ᠡ ᠭᠦᠢᠴᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠲᠤᠭ᠎ᠠ ᠪᠠᠷᠢᠮᠲᠠ ᠶᠢ ᠢᠯᠡᠭᠦᠦ ᠵᠠᠮ ᠬᠥᠭᠡᠭᠡᠵᠦ᠂ ᠤᠯᠠᠨ ᠲᠦᠮᠡᠨ ᠢ ᠳᠤᠲᠠᠭᠤ ᠭᠦᠶᠦᠯᠭᠡᠬᠦ ᠪᠣᠯᠭᠠᠨ᠎ᠠ᠃       ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ     ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠡᠯᠰᠡᠬᠦ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠢᠨᠢᠩ ᠲᠣᠭᠤᠷᠢᠭ ᠤᠨ 2023 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ︽  ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠤᠳᠤᠷᠢᠳᠬᠤ ᠳᠤᠭᠤᠶᠢᠯᠠᠩ︾ ᠭᠡᠵᠦ ᠲᠣᠪᠴᠢᠯᠠᠨ᠎ᠠ︶᠎ ᠢ ᠪᠠᠶᠢᠭᠤᠯᠪᠠ᠃ᠳᠤᠭᠤᠶᠢᠯᠠᠩ ᠤᠨ ᠳᠠᠷᠤᠭ᠎ᠠ᠄ ᠾᠧ ᠷᠦᠨ  ᠭᠧᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠᠳᠡᠳ᠋ ᠳᠤᠭᠤᠶᠢᠯᠠᠩ ᠤᠨ ᠳᠠᠷᠤᠭ᠎ᠠ᠄ ᠴᠧᠨ ᠰᠢᠨ  ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢᠭᠤᠤ ᠷᠦᠢ    ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠᠪᠦᠷᠢᠯᠳᠦᠬᠦᠨ᠄ ᠰᠢᠤᠢ ᠰᠢᠩ  ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠᠯᠦᠸᠧ ᠶᠧ    ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠᠰᠦᠨ ᠬᠠᠶ ᠵᠢᠶᠦ᠋ᠨ   ᠲᠣᠭᠤᠷᠢᠭ ᠤᠨ ᠠᠷᠠᠳ ᠤᠨ ᠶᠠᠪᠤᠳᠠᠯ ‍ᠤᠨ‌‍ᠲ᠋ᠤᠪᠴᠢᠶ᠎ᠠ ᠶᠢᠨ ᠳᠠᠷᠤᠭ᠎ᠠᠶᠢᠨ ᠶᠦᠨ ᠫᠢᠩ      ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠲᠠᠷᠤᠭ᠎ᠠᠵᠠᠩ  ᠸᠧᠨ ᠳ᠋ᠦᠩ     ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠᠵᠠᠩ ᠰᠢᠨ     ᠲᠣᠭᠤᠷᠢᠭ ᠤᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠᠸᠠᠩ ᠯᠸᠢ     ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢᠵᠠᠩ ᠮᠠᠨ  ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠦᠪ ᠤᠨ ᠡᠷᠬᠢᠯᠡᠭᠴᠢᠯᠢᠦ ᠬᠤᠢ      ᠲᠣᠭᠤᠷᠢᠭ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠢᠯᠡᠴᠢᠯᠡᠭᠡᠨ ᠤ ᠲᠦᠪ ᠤᠨ ᠡᠷᠬᠢᠯᠡᠭᠴᠢᠾᠧ ᠶᠤᠸᠠᠢ     ᠵᠡᠭᠦᠨ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠡᠷᠬᠢᠯᠡᠭᠴᠢᠰᠦᠩ  ᠹᠸᠡᠭ ᠂ ᠮᠠ ᠯᠢᠶᠠᠨ ᠴᠢᠦᠶ ᠰᠢᠶᠠᠩ ᠤᠨ ᠳᠠᠷᠤᠭ᠎ᠠᠸᠠᠩ ᠲᠤᠩ ᠹᠸᠢ     ᠪᠠᠶ ᠬᠠᠶ ᠽᠢ ᠪᠠᠯᠭᠠᠰᠤᠨ ᠤ ᠣᠷᠣᠯᠠᠭᠴᠢ ᠳᠠᠷᠤᠭ᠎ᠠᠸᠠᠩ ᠯᠦ      ᠰᠢᠨ ᠲᠢ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠭᠦᠸᠧ ᠵᠢᠶᠠᠨ ᠳ᠋ᠦᠩ    ᠴᠢᠶᠣᠤ  ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠵᠧᠦ  ᠸᠧᠨ  ᠬᠤᠸᠠ    ᠴᠢᠶᠣᠤ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠯᠢ ᠪᠢᠩ    ᠰᠢᠨ ᠬᠤᠸᠠ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠭᠦᠸᠧ ᠮᠢᠩ ᠶᠤᠸᠠᠨ    ᠴᠢᠶᠠᠨ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠰᠢᠨ ᠸᠧᠶ ᠵᠢᠶᠠ      ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠷᠧᠨ ᠵᠢᠶᠠᠨ ᠵᠢᠶᠦ᠋ᠨ  ᠬᠤ᠋ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠎ ᠶᠢᠨ ᠴᠢᠶᠣᠤ ᠯᠠᠨ     ᠴᠢᠤᠸᠠᠨ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠎ ᠶᠢᠨ  ᠸᠧᠨ ᠰᠢᠤᠸᠠᠨ   ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠᠵᠤ ᡁᠢ ᠳ᠋ᠦᠩ     ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠᠯᠢᠦᠶ ᠹᠸᠡᠭ   ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠᠹᠠᠨ ᠷᠦᠢ     ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠰᠤᠷᠭᠠᠨ ᠬᠥᠮᠦᠵᠢᠯ ᠤᠨ  ᠲᠤᠪᠴᠢᠶ᠎ᠠ ᠳᠤ ᠲᠤᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠭᠤᠤ ᠷᠦᠢ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠪᠦᠷᠢᠯᠳᠦᠬᠦᠨ ᠢ ᠲᠣᠭᠤᠷᠢᠭ ᠤᠨ ᠰᠤᠷᠭᠠᠨ ᠬᠥᠮᠦᠵᠢᠯ ᠤᠨ  ᠲᠤᠪᠴᠢᠶ᠎ᠠ ᠶᠢᠨ ᠡᠯ᠎ᠡ ᠲᠠᠰᠤᠭ ᠤᠨ ᠬᠠᠷᠢᠭᠤᠴᠠᠯᠭᠠᠲᠠᠨ ᠪᠠ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ  ᠢᠶᠠᠷ ᠪᠦᠷᠢᠯᠳᠤᠪᠡ᠃        ᠳᠥᠷᠪᠡ᠂ ᠭᠤᠤᠯ ᠪᠣᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ     ︵ᠨᠢᠭᠡ︶ ᠠᠯᠪᠠᠨ ᠵᠢᠷᠤᠮ ‍ᠤᠨ‌‍ᠰᠤᠷᠭᠠᠨ ᠬᠥᠮᠦᠵᠢᠯ  ᠤᠨ ᠱᠠᠳᠤ ᠦᠶ᠎ᠡ ᠶᠢᠨ ᠰᠤᠷᠭᠠᠭᠤᠯᠢ ᠶᠢᠨ ᠰᠤᠷᠤᠭᠴᠢ ᠡᠯᠰᠡᠵᠦ ᠰᠤᠷᠭᠠᠭᠤᠯᠢ  ᠳᠤ ᠣᠷᠣᠭᠤᠯᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ     1. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠭᠠᠬᠤ ᠥᠬᠡᠶ ᠪᠠᠷ ᠬᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠰᠤᠷᠭᠠᠨ ᠬᠥᠮᠦᠵᠢᠯ ᠤᠨ ᠶᠠᠮᠤᠨ ᠤ ︽ᠰᠤᠷᠭᠠᠭᠤᠯᠢ ᠬᠡᠰᠡᠭ ᠬᠤᠪᠢᠶᠠᠨ ᠰᠣᠷᠣᠭᠴᠢ ᠡᠯᠰᠡᠬᠦ᠂ ᠰᠣᠷᠣᠭᠴᠢ ᠶᠢᠨ ᠢᠷᠡᠯᠲᠡ ᠶᠢᠨ ᠬᠡᠷ ᠣᠶᠢᠷᠠᠯᠴᠠᠭ᠎ᠠ ᠰᠤᠷᠭᠠᠭᠤᠯᠢ ᠳᠤ ᠣᠷᠣᠬᠤ︾ ᠦᠨᠳᠦᠰᠦᠨ ᠱᠠᠭᠠᠷᠳᠠᠯᠭ᠎ᠠ ᠶᠣᠰᠣᠭᠠᠷ᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠳᠤ ᠨᠢᠭᠡ ᠵᠦᠶᠯ ᠤᠨ ᠤᠴᠢᠷ ᠶᠠᠪᠤᠳᠠᠯ ᠢ ᠭᠦᠶᠴᠡᠳᠬᠡᠬᠦ︾ ᠠᠵᠢᠯ ᠢ ᠠᠬᠢᠭᠤᠯᠵᠤ᠂ ᠰᠦᠯᠵᠢᠶᠡᠨ ᠳᠡᠭᠡᠷ᠎ᠡ ᠮᠡᠳᠡᠭᠡ ᠵᠠᠩᠭᠢ ᠴᠤᠭᠯᠠᠭᠤᠯᠬᠤ᠂ ᠰᠦᠯᠵᠢᠶᠡᠨ ᠳᠡᠭᠡᠷ᠎ᠡ ᠬᠢᠨᠠᠨ ᠰᠢᠯᠭᠠᠬᠤ᠂ ᠬᠡᠰᠡᠭ ᠬᠤᠪᠢᠶᠠᠨ ᠰᠣᠷᠣᠭᠴᠢ ᠡᠯᠰᠡᠬᠦ ᠪᠠ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠬᠠᠷᠢᠶᠠᠲᠤ ᠣᠷᠣᠨ ᠤ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭ᠎ᠠ ᠰᠤᠷᠭᠠᠭᠤᠯᠢ ᠠᠴᠠ ᠲᠡᠭᠦᠰᠦᠭᠰᠡᠳ ᠤᠨ ᠰᠤᠷᠭᠠᠭᠤᠯᠢ ᠳᠤ ᠣᠷᠣᠬᠤ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃      2. ᠰᠤᠷᠭᠠᠭᠤᠯᠢ ᠳᠤ ᠣᠷᠣᠬᠤ ᠨᠥᠬᠦᠴᠡᠯ ᠢ ᠴᠢᠩᠳᠠᠯᠠᠨ᠎ᠠ᠃ ᠪᠦᠬᠦᠯᠢ ᠵᠢᠷᠭᠤᠭᠠᠨ ᠨᠠᠰᠤ ᠬᠦᠷᠦᠭᠰᠡᠨ ︵2017 ᠣᠨ ᠤ 8 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠲᠥᠷᠥᠭᠰᠡᠨ︶᠂ ᠰᠤᠷᠤᠯᠴᠠᠬᠤ ᠴᠢᠳᠠᠪᠤᠷᠢ ᠲᠠᠢ ᠰᠤᠷᠬᠤ ᠨᠠᠰᠤᠨ ᠤ ᠬᠡᠤᠬᠡᠳ ᠪᠦᠬᠦᠨ ᠡᠷᠬᠡᠪᠰᠢ ᠰᠤᠷᠭᠠᠭᠤᠯᠢ ᠳᠤ ᠣᠷᠣᠬᠤ ᠬᠡᠷᠡᠭᠲᠡᠶ᠃ ᠡᠪᠡᠳᠴᠢᠨ ᠲᠠᠢ ᠪᠤᠶᠤ ᠪᠤᠰᠤᠳ ᠰᠢᠯᠲᠠᠭᠠᠨ ᠠᠴᠠ ᠪᠣᠯᠵᠣ ᠴᠠᠭ ᠲᠠᠭᠠᠨ ᠰᠤᠷᠭᠠᠭᠤᠯᠢ ᠳᠤ ᠣᠷᠣᠵᠤ ᠳᠡᠶᠢᠯᠬᠦ ᠥᠬᠡᠶ ᠪᠤᠶᠤ ᠰᠤᠷᠭᠠᠭᠤᠯᠢ ᠳᠤ ᠣᠷᠣᠬᠤ ᠴᠢᠳᠠᠪᠤᠷᠢ ᠥᠬᠡᠶ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠲᠤ᠂ ᠬᠢᠨᠠᠨ ᠬᠠᠮᠠᠭᠠᠯᠠᠭᠴᠢ ᠨᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠰᠤᠷᠭᠠᠭᠤᠯᠢ ᠡᠬᠢᠯᠡᠬᠦ ᠠᠴᠠ ᠡᠮᠦᠨ᠎ᠡ ᠬᠠᠮᠢᠶ᠎ᠠ ᠪᠥᠬᠦᠶ ᠭᠡᠷᠡᠴᠢ ᠪᠠᠨ ᠠᠪᠴᠤ ᠬᠡᠰᠡᠭ ᠲᠣᠭᠤᠷᠢᠭ ᠤᠨ ᠰᠤᠷᠭᠠᠭᠤᠯᠢ ᠳᠤ ᠬᠦᠷᠴᠦ ᠰᠤᠷᠤᠯᠭ᠎ᠠ ᠶᠢ ᠬᠤᠶᠢᠰᠢᠯᠠᠭᠤᠯᠬᠤ᠂ ᠰᠤᠷᠭᠠᠨ ᠬᠥᠮᠦᠵᠢᠯ ᠢ ᠬᠦᠷᠭᠡᠬᠦ ᠵᠡᠷᠭᠡ ᠭᠠᠷᠳᠠᠮ ᠢ ᠭᠦᠶᠴᠡᠳᠬᠡᠵᠦ᠂ ᠵᠥᠪᠰᠢᠶᠡᠷᠡᠭᠦᠯᠦᠭᠰᠡᠨ ᠤ ᠳᠠᠷᠠᠭ᠎ᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      3. ᠰᠣᠷᠣᠭᠴᠢ ᠡᠯᠰᠡᠬᠦ ᠠᠷᠭ᠎ᠠ ᠮᠠᠶ᠋ᠢᠭ ᠢ ᠵᠢᠷᠤᠮᠵᠢᠭᠤᠯᠤᠨ᠎ᠠ᠃ ᠲᠤᠭᠤᠷᠢᠭ ᠤᠨ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠨᠤᠭᠤᠳ ᠲᠣᠰ ᠰᠤᠷᠭᠠᠭᠤᠯᠢ ᠶᠢᠨ ᠢᠶᠠᠨ ᠡᠷᠳᠡᠮ ᠤᠨ ᠴᠣᠯᠠ ᠶᠢᠨ ᠬᠠᠩᠭᠠᠯᠭ᠎ᠠ ᠵᠢᠴᠢ ᠰᠣᠷᠣᠭᠴᠢ ᠶᠢᠨ ᠢᠷᠡᠯᠲᠡ ᠶᠢᠨ ᠲᠠᠷᠬᠠᠯᠲᠠ ᠶᠢ ᠦᠨᠳᠦᠰᠦᠯᠡᠨ᠂ ᠭᠠᠭᠴᠠ ᠰᠤᠷᠭᠠᠭᠤᠯᠢ ᠪᠠᠷ ᠬᠡᠰᠡᠭ ᠬᠤᠪᠢᠶᠠᠬᠤ᠂ ᠣᠯᠠᠨ ᠰᠤᠷᠭᠠᠭᠤᠯᠢ ᠪᠠᠷ ᠬᠡᠰᠡᠭ ᠬᠤᠯᠪᠣᠬᠤ᠂ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ᠂ ᠬᠡᠰᠡᠭ ᠬᠤᠪᠢᠶᠠᠬᠤ ᠪᠠ ᠣᠷᠣᠨ ᠪᠠᠶᠢᠷᠢ ᠲᠣᠮᠢᠯᠠᠬᠤ ᠶᠢ ᠤᠶᠠᠯᠳᠤᠭᠤᠯᠬᠤ ᠪᠠ ᠶᠢᠰᠦᠨ ᠵᠢᠯ ᠤᠨ ᠳᠦᠷᠢᠮᠲᠦ ᠰᠢᠭᠤᠳ ᠳᠡᠪᠰᠢᠬᠦ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢ ᠠᠪᠴᠤ᠂ ᠪᠠᠭᠠᠴᠤᠳ ᠬᠡᠤᠬᠡᠳ ᠨᠢᠭᠡᠪᠦᠷᠢ ᠶᠢᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠦᠨᠡᠨᠬᠦ ᠪᠠᠲᠤᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠷᠳᠡᠮ ᠤᠨ ᠴᠣᠯᠠ ᠶᠢᠨ ᠬᠠᠩᠭᠠᠯᠭ᠎ᠠ ᠶᠢᠨ ᠴᠢᠳᠠᠪᠤᠷᠢ ᠨᠢ ᠰᠣᠷᠣᠭᠴᠢ ᠡᠯᠰᠡᠬᠦ ᠲᠥᠯᠥᠪᠯᠡᠭᠡ ᠶᠢᠨ ᠳᠡᠭᠡᠳᠦ ᠬᠢᠵᠠᠭᠠᠷ ᠲᠤ ᠬᠦᠷᠴᠦ᠂ ᠬᠡᠰᠡᠭ ᠬᠤᠪᠢᠶᠠᠭᠰᠠᠨ ᠣᠷᠣᠨ ᠪᠦᠰᠡ ᠶᠢᠨ ᠳᠣᠲᠣᠷᠠᠬᠢ ᠰᠣᠷᠣᠭᠴᠢ ᠶᠢᠨ ᠰᠤᠷᠭᠠᠭᠤᠯᠢ ᠳᠤ ᠣᠷᠣᠬᠤ ᠬᠡᠷᠡᠭᠴᠡᠭᠡ ᠶᠢ ᠮᠥᠨ ᠬᠦ ᠬᠠᠩᠭᠠᠵᠤ ᠳᠡᠶᠢᠯᠬᠦ ᠥᠬᠡᠶ ᠦᠶ᠎ᠡ ᠳᠤ᠂ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ ᠪᠤᠶᠤ ᠨᠢᠭᠡᠳᠦᠯᠲᠡᠶ ᠲᠥᠯᠥᠪᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠷᠳᠡᠮ ᠤᠨ ᠴᠣᠯᠠ ᠲᠠᠢ ᠬᠤᠯᠪᠣᠭᠠᠲᠤ ᠰᠤᠷᠭᠠᠭᠤᠯᠢ ᠳᠤ ᠬᠤᠪᠢᠶᠠᠷᠢᠯᠠᠨ᠎ᠠ᠃     4. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠬᠠᠤᠯᠢ ᠪᠠᠷ ᠲᠣᠭᠲᠠᠭᠠᠭᠰᠠᠨ ᠡᠭᠦᠷᠭᠡ ᠎ ᠶᠢ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ  ᠨᠢᠭᠡᠴᠢ᠂ ᠳᠤᠮᠳᠠᠳᠤ ᠪᠠᠭ᠎ᠠ ᠰᠤᠷᠭᠠᠭᠤᠯᠢ ᠨᠤᠭᠤᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠬᠠᠮᠲᠤᠪᠠᠷ ᠭᠦᠶᠴᠡᠳᠬᠡᠵᠦ᠂ ᠬᠤᠯᠪᠣᠭᠠᠯᠠᠨ ᠡᠵᠡᠮᠳᠡᠵᠦ ᠬᠤᠯᠪᠣᠭᠠᠯᠠᠨ ᠪᠠᠲᠤᠯᠠᠬᠤ ᠠᠵᠢᠯ ᠤᠨ ᠤᠬᠠᠭᠤᠯᠬᠤ᠂ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠬᠦ ᠪᠠ ᠢᠳᠬᠠᠨ ᠪᠤᠴᠠᠭᠠᠬᠤ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠭᠰᠠᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠤᠨ ᠠᠵᠢᠯ ᠤᠨ ᠡᠬᠡ ᠲᠠᠩᠰᠠ ᠶᠢ ᠪᠠᠶᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠭᠴᠢᠳ ᠤᠨ ᠣᠷᠣᠪᠠᠰᠤ ᠵᠣᠬᠢᠬᠤ ᠶᠢ ᠪᠦᠬᠦᠨ ᠢ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠶ᠃     5. ᠢᠯᠡ ᠪᠠᠷ ᠠᠩᠭᠢ ᠬᠤᠪᠢᠶᠠᠬᠤ ᠶᠢ ᠬᠡᠷᠡᠭᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠳᠤ ︽ᠢᠯᠡ ᠪᠠᠷ ᠠᠩᠭᠢ ᠬᠤᠪᠢᠶᠠᠬᠤ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠩᠭᠢ ᠬᠤᠪᠢᠶᠠᠭᠰᠠᠨ ᠶᠠᠪᠤᠴᠠ ᠶᠢ ᠢᠯᠡ ᠪᠣᠯᠭᠠᠵᠤ᠂ ᠠᠩᠭᠢ ᠶᠢᠨ ᠡᠷᠬᠢᠯᠡᠭᠴᠢ ᠵᠢᠴᠢ ᠬᠢᠴᠢᠶᠡᠯ ᠤᠨ ᠪᠠᠭᠰᠢ ᠶᠢ ᠰᠣᠩᠭᠤᠨ ᠲᠣᠬᠢᠷᠠᠭᠤᠯᠤᠭᠰᠠᠨ ᠶᠠᠪᠤᠴᠠ ᠪᠠ ᠦᠷ᠎ᠡ ᠳ᠋ᠦᠩ ᠢ ᠢᠯᠡ ᠪᠣᠯᠭᠠᠨ᠎ᠠ᠃ ᠰᠤᠷᠭᠠᠭᠤᠯᠢ ᠠᠴᠠ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠣᠷᠣᠭᠴᠢ ᠶᠢᠨ ᠬᠡᠷ ᠤᠨ ᠠᠬᠠᠮᠠᠳ ᠤᠨ ᠲᠥᠯᠥᠭᠡᠯᠡᠭᠴᠢ ᠶᠢ ᠤᠷᠢᠵᠤ ᠠᠩᠭᠢ ᠬᠤᠪᠢᠶᠠᠬᠤ ᠪᠠ ᠪᠠᠭᠰᠢ ᠶᠢ ᠰᠣᠩᠭᠤᠨ ᠲᠣᠬᠢᠷᠠᠭᠤᠯᠬᠤ ᠪᠥᠬᠦ ᠶᠠᠪᠤᠴᠠ ᠳ᠋ᠤᠪᠠᠭ᠎ᠠ ᠰᠤᠷᠭᠠᠭᠤᠯᠢ ᠶᠢᠨ ᠡᠬᠢᠨ ᠤ ᠣᠨ ᠤ ᠠᠩᠭᠢ ᠶᠢᠨ ᠲᠤᠭ᠎ᠠ ᠶᠢ 45 ᠬᠥᠮᠦᠨ ᠤ ᠳᠣᠲᠣᠷ᠎ᠠ ᠬᠢᠵᠠᠭᠠᠷᠯᠠᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠶᠢᠨ ᠲᠤᠭ᠎ᠠ ᠶᠢ 50 ᠬᠥᠮᠦᠨ ᠤ ᠳᠣᠲᠣᠷ᠎ᠠ ᠬᠢᠵᠠᠭᠠᠷᠯᠠᠨ᠎ᠠ᠃       6. ᠣᠨᠴᠠᠭᠠᠶ ᠬᠠᠮᠲᠤᠯᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠪᠠᠲᠤᠯᠠᠬᠤ      ︵1︶ ᠬᠤᠲᠠ ᠣᠷᠣᠵᠤ ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠶᠢ ᠪᠠᠲᠤᠯᠠᠨ᠎ᠠ᠃ ︽ᠬᠤᠶᠠᠷ ᠢᠶᠠᠷ ᠭᠤᠤᠯ ᠪᠣᠯᠭᠠᠵᠤ᠂ ᠬᠤᠶᠠᠷ ᠢ ᠣᠷᠣᠭᠤᠯᠬᠤ︾ ᠵᠠᠷᠴᠢᠮ ᠢ ᠪᠠᠷᠢᠮᠲᠠᠯᠠᠨ᠂ ᠠᠵᠢᠯ ᠬᠥᠳᠡᠯᠮᠦᠷᠢ ᠬᠢᠭᠰᠡᠨ ᠦᠨᠡᠮᠯᠡᠯ᠂ ᠣᠷᠣᠰᠢᠨ ᠰᠠᠭᠤᠬᠤ ᠦᠨᠡᠮᠯᠡᠯ ︵ᠪᠤᠶᠤ ᠣᠷᠣᠰᠢᠨ ᠰᠠᠭᠤᠬᠤ ᠦᠨᠡᠮᠯᠡᠯ︶᠎ ᠢᠶᠠᠷ ᠭᠤᠤᠯ ᠦᠨᠳᠦᠰᠦᠯᠡᠯ ᠪᠣᠯᠭᠠᠭᠰᠠᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠪᠦᠷᠢᠨᠰᠢᠬᠦᠯᠵᠦ᠂ ᠨᠢᠭᠡᠳᠦᠯᠲᠡᠶ ᠲᠥᠯᠥᠪᠯᠡᠬᠦ ᠪᠤᠶᠤ ᠺᠣᠮᠫᠢᠦ᠋ᠲ᠋ᠧᠷ ᠢᠶᠠᠷ ᠪᠠᠶᠢᠷᠢ ᠲᠣᠮᠢᠯᠠᠬᠤ ᠵᠡᠷᠭᠡ ᠬᠡᠯᠪᠡᠷᠢ ᠪᠠᠷ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠶᠢ ᠳᠣᠭᠢᠷᠠᠭᠤᠯᠤᠨ᠎ᠠ᠃   ᠲᠤᠭᠤᠷᠢᠭ ᠤᠨ ᠭᠠᠳᠠᠨ᠎ᠠ ᠰᠤᠷᠤᠯᠴᠠᠵᠤ ᠪᠠᠶᠢᠭ᠎ᠠ ᠵᠢᠨᠢᠩ ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠲᠠᠢ ᠪᠠᠭ᠎ᠠ ᠰᠤᠷᠭᠠᠭᠤᠯᠢ ᠲᠡᠭᠦᠰᠦᠭᠰᠡᠳ ᠨᠤᠲᠤᠭ ᠲᠠᠭᠠᠨ ᠪᠤᠴᠠᠪᠠᠯ᠂  ᠲᠤᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠯᠪᠠᠨ ᠬᠡᠷ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃      ︵2︶ ᠵᠡᠮᠳᠡᠭ᠂ ᠡᠪᠡᠳᠴᠢᠨ ᠲᠠᠢ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠪᠠᠲᠤᠯᠠᠨ᠎ᠠ᠃ ᠠᠭᠤᠰᠤᠯᠴᠠᠭᠤᠯᠬᠤ ᠰᠤᠷᠭᠠᠨ ᠬᠥᠮᠦᠵᠢᠯ ᠢ ᠢᠳᠡᠪᠬᠢᠲᠡᠶ ᠠᠬᠢᠭᠤᠯᠵᠤ᠂ ᠡᠩ ᠤᠨ ᠰᠤᠷᠭᠠᠨ ᠬᠥᠮᠦᠵᠢᠯ ᠭᠥᠷᠳᠡᠵᠦ ᠳᠡᠶᠢᠯᠬᠦ ᠰᠤᠷᠬᠤ ᠨᠠᠰᠤᠨ ᠤ ᠬᠥᠩᠭᠡᠨ ᠵᠡᠮᠳᠡᠭ ᠬᠡᠤᠬᠡᠳ ᠪᠠᠭᠠᠴᠤᠳ ᠤᠨ ᠠᠩᠭᠢ ᠳᠠᠭᠠᠵᠤ ᠰᠤᠷᠤᠯᠴᠠᠬᠤ ᠶᠢ ᠬᠠᠤᠯᠢ ᠶᠣᠰᠣᠭᠠᠷ ᠪᠠᠲᠤᠯᠠᠨ᠎ᠠ ᠃ ᠰᠤᠷᠭᠠᠭᠤᠯᠢ ᠳᠤ ᠣᠷᠣᠬᠤ ᠨᠠᠰᠤᠨ ᠤ ᠳᠤᠮᠳᠠ ᠵᠡᠷᠭᠡ ᠶᠢᠨ ᠵᠡᠮᠳᠡᠭ ᠬᠡᠤᠬᠡᠳ ᠪᠠᠭᠠᠴᠤᠳ ᠢ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ︵ᠪᠤᠶᠤ ᠣᠨᠴᠣᠭᠤᠶ ᠡᠬᠢ ᠪᠠᠶᠠᠯᠢᠭ ᠤᠨ ᠬᠢᠴᠢᠶᠡᠯ ᠤᠨ ᠬᠡᠷ︶᠎ ᠳᠤ ᠣᠷᠣᠭᠤᠯᠤᠨ ᠰᠤᠷᠤᠯᠴᠠᠭᠤᠯᠬᠤ ᠪᠠᠷ ᠳᠣᠭᠢᠷᠠᠭᠤᠯᠤᠨ᠎ᠠ ᠃ ᠰᠤᠷᠭᠠᠭᠤᠯᠢ ᠳᠤ ᠣᠴᠢᠵᠤ ᠰᠤᠷᠤᠯᠴᠠᠵᠤ ᠳᠡᠶᠢᠯᠬᠦ ᠥᠬᠡᠶ ᠬᠦᠨᠳᠦ ᠵᠡᠮᠳᠡᠭ ᠬᠡᠤᠬᠡᠳ ᠪᠠᠭᠠᠴᠤᠳ ᠢ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠳᠤ ᠣᠷᠣᠭᠤᠯᠵᠤ᠂ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠦᠶᠯᠡᠴᠢᠯᠡᠭᠡ ᠶᠢ ᠥᠷᠨᠢᠭᠦᠯᠦᠨ᠎ᠡ᠃ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠪᠡᠶ᠎ᠡ ᠮᠠᠬᠠᠪᠣᠳ ᠤᠨ ᠪᠠᠶᠢᠳᠠᠯ ᠠᠴᠠ ᠪᠣᠯᠵᠣ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠴᠢᠬᠤᠯᠠ ᠲᠠᠢ ᠪᠣᠯ᠂ ᠬᠢᠨᠠᠨ ᠬᠠᠮᠠᠭᠠᠯᠠᠭᠴᠢ ᠨᠢ ᠰᠤᠷᠭᠠᠭᠤᠯᠢ ᠡᠬᠢᠯᠡᠬᠦ ᠠᠴᠠ ᠡᠮᠦᠨ᠎ᠡ ᠭᠤᠶᠤᠴᠢᠯᠠᠯ ᠢᠶᠠᠨ ᠳᠤᠷᠠᠳᠬᠤ ᠶᠢᠨ ᠬᠠᠮᠲᠤ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠪᠤᠶᠤ ᠰᠢᠶᠠᠩ ᠪᠠᠯᠭᠠᠰᠤ︶᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠪᠠ ᠬᠡᠰᠡᠭ ᠲᠣᠭᠤᠷᠢᠭ ᠤᠨ ᠰᠤᠷᠭᠠᠭᠤᠯᠢ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠬᠤᠭᠤᠴᠠᠭ᠎ᠠ ᠨᠢ ᠲᠤᠯᠪᠠᠯ ᠳᠠᠷᠦ᠋ᠢᠬᠠᠨ ᠰᠤᠷᠭᠠᠭᠤᠯᠢ ᠳᠤ ᠣᠷᠣᠨ᠎ᠠ᠃     ︵3︶ ᠬᠡᠷ ᠲᠡᠭᠡᠨ ᠬᠤᠴᠣᠷᠤᠭᠰᠠᠨ ᠬᠡᠤᠬᠡᠳ᠂ ᠥᠨᠥᠴᠢᠨ ᠬᠡᠤᠬᠡᠳ᠂ ᠬᠡᠷ ᠤᠨ ᠠᠮᠢᠳᠤᠷᠠᠯ ᠨᠢ ᠬᠦᠴᠢᠷᠳᠡᠯᠲᠡᠶ ᠰᠣᠷᠣᠭᠴᠢ ᠶᠢ ᠪᠦᠬᠦᠨ ᠢ ᠰᠤᠷᠭᠠᠭᠤᠯᠢ ᠳᠤ ᠣᠷᠣᠭᠤᠯᠬᠤ ᠶᠢ ᠪᠠᠲᠤᠯᠠᠨ᠎ᠠ᠃ ᠳᠤᠮᠳᠠᠳᠤ ᠪᠠᠭ᠎ᠠ ᠰᠤᠷᠭᠠᠭᠤᠯᠢ ᠨᠤᠭᠤᠳ ᠬᠡᠷ ᠲᠡᠭᠡᠨ ᠬᠤᠴᠣᠷᠤᠭᠰᠠᠨ ᠬᠡᠤᠬᠡᠳ᠂ ᠥᠨᠥᠴᠢᠨ ᠬᠡᠤᠬᠡᠳ ᠢ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠪᠠ ᠰᠤᠷᠭᠠᠨ ᠬᠥᠮᠦᠵᠢᠯ ᠤᠨ ᠦᠶᠯᠡᠴᠢᠯᠡᠭᠡᠨ ᠤ ᠠᠵᠢᠯ ᠤᠨ ᠭᠤᠤᠯᠳᠠᠯᠭ᠎ᠠ ᠲᠠᠢ ᠡᠲᠡᠭᠡᠳ ᠪᠣᠯᠭᠠᠵᠤ᠂ ᠨᠠᠩ ᠣᠯᠠᠨ ᠠᠩᠬᠠᠷᠤᠯ ᠪᠠ ᠬᠠᠶᠢᠷ᠎ᠠ ᠬᠠᠯᠠᠮᠵᠢ ᠦᠵᠡᠭᠦᠯᠬᠦ ᠬᠡᠷᠡᠭᠲᠡᠶ ᠃ ᠶᠠᠳᠠᠭᠤ ᠬᠦᠴᠢᠷᠳᠡᠯ ᠲᠠᠢ ᠭᠡᠷ ᠪᠦᠯᠢ ᠳᠤ ᠭᠦᠨᠵᠡᠭᠡᠶᠢᠷᠡᠨ᠂ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠢ ᠲᠡᠳᠬᠦᠨ ᠲᠤᠰᠠᠯᠠᠬᠤ ᠲᠦᠷᠦ ᠶᠢᠨ ᠪᠤᠳᠤᠯᠭ᠎ᠠ ᠶᠢ ᠢᠳᠡᠪᠬᠢᠲᠡᠶ ᠤᠬᠠᠭᠤᠯᠵᠤ᠂ ᠶᠠᠳᠠᠭᠤ ᠬᠦᠴᠢᠷᠳᠡᠯ ᠲᠠᠢ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠪᠠᠲᠤᠯᠠᠬᠤ ᠬᠡᠷᠡᠭᠲᠡᠶ᠃      7. ᠬᠥᠮᠦᠨ ᠠᠮᠠ ᠳᠤ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢ ᠳᠡᠮᠵᠢᠵᠦ᠂ ᠬᠡᠷ ᠤᠨ ᠠᠬᠠᠮᠠᠳ ᠤᠨ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠵᠦ᠂ ᠬᠤᠶᠠᠷ ᠬᠡᠤᠬᠡᠳ᠂ ᠭᠤᠷᠪᠠᠨ ᠬᠡᠤᠬᠡᠳ ᠠᠪᠴᠤ ᠪᠣᠯᠬᠤ ᠰᠤᠷᠭᠠᠭᠤᠯᠢ ᠳᠤ ᠣᠷᠣᠬᠤ ᠳᠤ ᠵᠣᠬᠢᠰᠲᠠᠶ ᠬᠠᠷᠠᠭᠠᠯᠵᠠᠯ ᠦᠵᠡᠭᠦᠯᠦᠨ᠎ᠡ᠃       ᠰᠤᠷᠭᠠᠭᠤᠯᠢ ᠶᠢᠨ ᠬᠡᠰᠡᠭ ᠬᠤᠪᠢᠶᠠᠷᠢᠯᠠᠯ ᠳᠤ ᠬᠤᠪᠢᠷᠠᠯᠲᠠ ᠭᠠᠷᠤᠭᠰᠠᠨ ᠠᠴᠠ ᠪᠣᠯᠵᠣ ᠬᠤᠶᠠᠷ ᠬᠡᠤᠬᠡᠳ ᠠᠪᠴᠤ᠂ ᠭᠤᠷᠪᠠᠨ ᠬᠡᠤᠬᠡᠳ ᠠᠪᠬᠤ ᠶᠢ ᠰᠤᠷᠤᠯᠴᠠᠵᠤ ᠪᠠᠶᠢᠭ᠎ᠠ ᠠᠬ᠎ᠠ ︵ᠡᠭᠡᠴᠢ︶᠎ ᠲᠠᠢ ᠪᠠᠨ ᠨᠢᠭᠡ ᠰᠤᠷᠭᠠᠭᠤᠯᠢ ᠳᠤ ᠬᠤᠪᠢᠶᠠᠷᠢᠯᠠᠵᠤ ᠳᠡᠶᠢᠯᠬᠦ ᠥᠬᠡᠶ ᠪᠣᠯᠤᠭᠰᠠᠨ ᠦᠶ᠎ᠡ ᠳᠤ᠂ ᠠᠬ᠎ᠠ ︵ᠡᠭᠡᠴᠢ︶᠎ ᠨᠢ ᠰᠤᠷᠭᠠᠭᠤᠯᠢ ᠰᠣᠩᠭᠤᠵᠤ ᠰᠤᠷᠭᠠᠭᠤᠯᠢ ᠳᠤ ᠣᠷᠣᠬᠤ ᠥᠬᠡᠶ ᠤᠷᠢᠲᠠᠯ ᠳᠣᠤᠷ᠎ᠠ᠂ ᠬᠢᠨᠠᠨ ᠬᠠᠮᠠᠭᠠᠯᠠᠭᠴᠢ ᠨᠢ ᠭᠤᠶᠤᠴᠢᠯᠠᠯ ᠭᠠᠷᠭᠠᠵᠤ᠂ ᠵᠠᠷᠴᠢᠮ ᠳᠡᠭᠡᠷ᠎ᠡ ᠪᠠᠨ ᠬᠤᠶᠠᠷ ᠬᠡᠤᠬᠡᠳ᠂ ᠭᠤᠷᠪᠠᠨ ᠬᠡᠤᠬᠡᠳ ᠠᠪᠬᠤ ᠶᠢ ᠰᠤᠷᠤᠯᠴᠠᠵᠤ ᠪᠠᠶᠢᠭ᠎ᠠ ᠠᠬ᠎ᠠ ︵ᠡᠭᠡᠴᠢ︶᠎ ᠶᠢᠨ ᠢᠶᠠᠨ ᠨᠢᠭᠡ ᠰᠤᠷᠭᠠᠭᠤᠯᠢ ᠳᠤ ᠰᠤᠷᠤᠯᠴᠠᠭᠤᠯᠬᠤ ᠪᠠᠷ ᠲᠣᠬᠢᠷᠠᠭᠤᠯᠤᠨ᠎ᠠ᠃ ᠣᠷᠣᠨ ᠪᠠᠶᠢᠷᠢ ᠲᠣᠮᠢᠯᠠᠵᠤ ᠡᠯᠰᠡᠬᠦ ᠶᠢ ᠬᠡᠷᠡᠭᠵᠢᠭᠦᠯᠵᠦ᠂ ᠢᠯᠡ ᠪᠠᠷ ᠠᠩᠭᠢ ᠬᠤᠪᠢᠶᠠᠭᠰᠠᠨ ᠰᠤᠷᠭᠠᠭᠤᠯᠢ ᠳᠤ ᠬᠡᠷ ᠤᠨ ᠠᠬᠠᠮᠠᠳ ᠤᠨ ᠢᠬᠡᠷ᠎ᠡ ᠬᠡᠤᠬᠡᠳ᠂ ᠣᠯᠠᠨ ᠢᠬᠡᠷ᠎ᠡ ᠬᠡᠤᠬᠡᠳ ᠢ ᠬᠦᠯᠢᠵᠦ ᠬᠦᠯᠢᠬᠦ ᠭᠤᠶᠤᠴᠢᠯᠠᠯ ᠭᠠᠷᠭᠠᠬᠤ ᠶᠢ ᠵᠥᠪᠰᠢᠶᠡᠷᠡᠨ᠎ᠡ᠃        8. ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠶᠢ ᠴᠢᠩᠭ᠎ᠠ ᠵᠢᠷᠤᠮᠵᠢᠭᠤᠯᠤᠨ᠎ᠠ     ︵1︶ ᠠᠯᠪᠠᠨ ᠠᠴᠠ ᠡᠷᠭᠢᠯᠡᠭᠰᠡᠨ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠨᠢᠭᠡᠳᠦᠯᠲᠡᠶ ᠬᠠᠮᠢᠶᠠᠷᠤᠯᠲᠠ ᠶᠢ ᠪᠠᠷᠢᠮᠲᠠᠯᠠᠨ᠎ᠠ᠃ ᠠᠷᠠᠳ ᠠᠴᠠ ᠡᠷᠭᠢᠯᠡᠭᠰᠡᠨ ᠰᠤᠷᠭᠠᠭᠤᠯᠢ ᠲᠣᠰ ᠰᠣᠷᠣᠭᠴᠢ ᠡᠯᠰᠡᠬᠦ ᠰᠠᠨᠠᠯ ᠢ ᠦᠨᠳᠦᠰᠦᠯᠡᠨ᠂ ᠲᠣᠰ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠥᠰᠦᠯ ︵ᠰᠣᠷᠣᠭᠴᠢ ᠡᠯᠰᠡᠬᠦ ᠲᠥᠯᠥᠪᠯᠡᠭᠡ᠂ ᠰᠣᠷᠣᠭᠴᠢ ᠡᠯᠰᠡᠬᠦ ᠬᠡᠪᠴᠢᠶ᠎ᠡ᠂ ᠰᠣᠷᠣᠭᠴᠢ ᠡᠯᠰᠡᠬᠦ ᠠᠷᠭ᠎ᠠ ᠮᠠᠶ᠋ᠢᠭ᠂ ᠰᠣᠷᠣᠭᠴᠢ ᠡᠯᠰᠡᠬᠦ ᠴᠠᠭ ᠵᠡᠷᠭᠡ ᠠᠭᠤᠯᠭ᠎ᠠ ᠪᠠᠭᠲᠠᠨ᠎ᠠ︶᠎ ᠢ ᠲᠣᠭᠲᠠᠭᠠᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠰᠤᠷᠭᠠᠭᠤᠯᠢ ᠶᠢᠨ ᠰᠣᠷᠣᠭᠴᠢ ᠡᠯᠰᠡᠬᠦ ᠲᠣᠪᠴᠢ ᠲᠦᠷᠢᠮ ᠪᠣᠯᠤᠨ ᠵᠠᠷ ᠮᠡᠳᠡᠭᠡ ᠶᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃       ︵2︶ ᠲᠦᠷᠦ ᠶᠢᠨ ᠪᠤᠳᠤᠯᠭ᠎ᠠ ᠰᠠᠬᠢᠯᠭ᠎ᠠ ᠪᠠᠲᠤ ᠶᠢ ᠴᠢᠩᠳᠠᠯᠠᠨ᠎ᠠ᠃ ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠤᠭᠤᠳ ᠲᠣᠭᠲᠠᠭᠠᠯ ᠶᠣᠰᠣᠭᠠᠷ ︽ᠲᠥᠪᠯᠡᠷᠡᠭᠦᠯᠦᠨ ᠲᠦᠷᠭᠡᠨ ᠡᠷᠭᠢᠯᠡᠬᠦ︾ ᠳᠡᠭᠡᠷ᠎ᠡ ᠰᠣᠷᠣᠭᠴᠢ ᠡᠯᠰᠡᠵᠦ᠂ ᠰᠣᠷᠣᠭᠴᠢ ᠡᠯᠰᠡᠬᠦ ᠲᠥᠯᠥᠪᠯᠡᠭᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠤᠳᠠᠯ ᠬᠠᠭᠤᠷᠮᠠᠭ ᠢᠶᠠᠷ ᠰᠣᠷᠣᠭᠴᠢ ᠡᠯᠰᠡᠬᠦ ᠤᠬᠠᠭᠤᠯᠭ᠎ᠠ ᠬᠢᠬᠦ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠣᠷᠣᠨ ᠪᠦᠰᠡ ᠠᠯᠤᠰᠯᠠᠨ ᠰᠣᠷᠣᠭᠴᠢ ᠡᠯᠰᠡᠬᠦ ᠶᠢ ᠴᠢᠩᠭ᠎ᠠ ᠴᠠᠭᠠᠵᠠᠯᠠᠵᠤ᠂ ᠶᠠᠮᠠᠷᠪᠠ ᠬᠡᠯᠪᠡᠷᠢ ᠪᠠᠷ ᠰᠣᠷᠣᠭᠴᠢ ᠶᠢᠨ ᠢᠷᠡᠯᠲᠡ ᠶᠢ ᠤᠷᠢᠳᠴᠢᠯᠠᠨ ᠰᠣᠩᠭᠤᠵᠤ ᠪᠣᠯᠬᠤ ᠥᠬᠡᠶ᠂ ᠰᠣᠷᠣᠭᠴᠢ ᠶᠢᠨ ᠢᠷᠡᠯᠲᠡ ᠶᠢᠨ ᠪᠠᠶᠢᠭ᠎ᠠ ᠬᠡᠰᠡᠭ ᠲᠣᠭᠤᠷᠢᠭ ᠤᠨ ᠰᠤᠷᠭᠠᠭᠤᠯᠢ ᠶᠢᠨ ᠰᠣᠷᠣᠭᠴᠢ ᠡᠯᠰᠡᠬᠦ ᠡᠮᠬᠢ ᠳᠢᠭᠯᠢᠮ ᠳᠤ ᠲᠠᠭᠠᠷᠢᠯᠲᠠ ᠤᠴᠠᠷᠠᠭᠤᠯᠬᠤ ᠶᠢ ᠰᠡᠷᠭᠡᠶᠢᠯᠡᠬᠦ ᠬᠡᠷᠡᠭᠲᠡᠶ᠃           ︵ᠬᠤᠶᠠᠷ︶ ᠬᠠᠷᠠᠭᠠᠯᠵᠠᠯ  ᠤᠨ ᠲᠥᠷᠥ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠬᠥᠮᠦᠨ ᠤ ᠦᠷ᠎ᠡ ᠬᠡᠤᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ ᠨᠠᠷᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠦᠷ᠎ᠡ ᠬᠡᠤᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ ᠠᠵᠢᠯ ᠤᠨ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠥᠮᠦᠰ ᠤᠨ ᠦᠷ᠎ᠡ ᠬᠡᠤᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ ᠨᠠᠷᠢᠨ ᠲᠦᠷᠢᠮ︾ ︽ᠵᠢᠨᠢᠩ ᠲᠣᠭᠤᠷᠢᠭ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠦᠶᠯᠡᠴᠢᠯᠡᠭᠡ ᠶᠢᠨ ᠬᠡᠷᠡᠭᠵᠢᠭᠦᠯᠬᠦ ᠨᠠᠷᠢᠨ ᠲᠦᠷᠢᠮ ︵ᠲᠦᠷ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠪᠤᠰᠤᠳ ᠬᠠᠮᠢᠶ᠎ᠠ ᠪᠥᠬᠦᠶ ᠳᠣᠤᠷᠠᠬᠢ ᠪᠠᠶᠢᠳᠠᠯ ᠤᠨ ᠨᠢᠭᠡ ᠳᠤ ᠬᠠᠷᠢᠶᠠᠯᠠᠭᠳᠠᠪᠠᠯ᠂ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠯᠪᠠᠨ ᠬᠡᠷ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ᠂ ᠬᠡᠰᠡᠭ ᠲᠣᠭᠤᠷᠢᠭ ᠤᠨ ᠰᠣᠷᠣᠭᠴᠢ ᠶᠢᠨ ᠢᠷᠡᠯᠲᠡ ᠶᠢᠨ ᠪᠠᠶᠢᠳᠠᠯ ᠪᠣᠯᠤᠨ ᠬᠡᠷ ᠤᠨ ᠠᠬᠠᠮᠠᠳ ᠤᠨ ᠬᠦᠰᠡᠯ ᠰᠠᠨᠠᠭ᠎ᠠ ᠶᠢ ᠦᠨᠳᠦᠰᠦᠯᠡᠨ᠂ ᠰᠣᠷᠣᠭᠴᠢ ᠡᠯᠰᠡᠬᠦ ᠲᠥᠯᠥᠪᠯᠡᠭᠡ ᠪᠣᠯᠤᠨ ᠠᠩᠭᠢ ᠶᠢᠨ ᠪᠠᠭᠲᠠᠭᠠᠮᠵᠢ ᠶᠢᠨ ᠵᠥᠪᠰᠢᠶᠡᠷᠡᠭᠰᠡᠨ ᠤᠷᠢᠲᠠᠯ ᠳᠣᠤᠷ᠎ᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ ᠪᠠᠶᠢᠭᠠᠳ ᠰᠤᠷᠭᠠᠭᠤᠯᠢ ᠳᠤ ᠣᠷᠣᠭᠤᠯᠤᠨ᠎ᠠ᠃     1. ᠵᠢᠩᠬᠢᠨᠢ ᠠᠯᠪᠠᠨ ᠤ ᠴᠡᠷᠢᠭ ᠤᠨ ᠦᠷ᠎ᠡ ᠬᠡᠦᠬᠡᠳ᠂ ᠨᠥᠭᠴᠢᠭᠰᠡᠨ ᠪᠠᠭᠠᠲᠤᠷᠴᠤᠳ ᠤᠨ ᠦᠷ᠎ᠡ ᠬᠡᠦᠬᠡᠳ ᠵᠢᠴᠢ ᠨᠥᠬᠦᠴᠡᠯ ᠳᠤ ᠨᠡᠶᠢᠴᠡᠬᠦ ᠪᠤᠰᠤᠳ ᠲᠦᠷᠦᠯ ᠤᠨ ᠴᠡᠷᠢᠭ ᠤᠨ ᠦᠷ᠎ᠡ ᠬᠡᠦᠬᠡᠳ ᠪᠣᠯᠤᠨ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠤᠨ ᠦᠷ᠎ᠡ ᠬᠡᠦᠬᠡᠳ︔ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠦᠷᠡᠭᠳᠡᠭᠰᠡᠨ ᠪᠠᠭᠠᠲᠤᠷ ᠪᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠵᠦ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠶᠢᠨ ᠦᠷ᠎ᠡ ᠬᠡᠤᠬᠡᠳ ︵  ᠨᠢᠭᠡᠴᠢ ᠶᠢᠨ ᠪᠢᠴᠢᠭ ᠮᠠᠲ᠋ᠧᠷᠢᠶᠠᠯ ᠪᠤᠶᠤ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ︶︔      2. ᠵᠢᠨᠢᠩ ᠲᠣᠭᠤᠷᠢᠭ ᠤᠨ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠠ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠥᠮᠦᠰ ᠤᠨ ᠦᠷ᠎ᠡ ᠬᠡᠦᠬᠡᠳ ︵ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠤᠲᠠᠯᠠᠯᠲᠠ ᠶᠢᠨ ᠮᠠᠲ᠋ᠧᠷᠢᠶᠠᠯ ᠢ ᠬᠠᠩᠭᠠᠨ᠎ᠠ︶︔      3. ᠮᠠᠭᠠᠳᠯᠠᠨ ᠲᠣᠭᠲᠠᠭᠠᠭᠰᠠᠨ ABC ᠲᠥᠷᠥᠯ ᠤᠨ ᠳᠡᠭᠡᠳᠦ ᠲᠠᠰ ᠤᠨ ᠴᠢᠳᠠᠪᠤᠷᠢᠲᠠᠨ ᠤ ᠦᠷ᠎ᠡ ᠬᠡᠤᠬᠡᠳ ︵ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠵᠦ ᠮᠠᠭᠠᠳᠯᠠᠨ ᠲᠣᠭᠲᠠᠭᠠᠭᠰᠠᠨ ᠦᠨᠡᠮᠯᠡᠯ ᠪᠤᠶᠤ ︽ᠴᠢᠳᠠᠪᠤᠷᠢᠲᠠᠨ ᠤ ᠨᠣᠭᠤᠭᠠᠨ ᠺᠠᠷᠲ︾ ᠵᠡᠷᠭᠡ ᠮᠠᠲ᠋ᠧᠷᠢᠶᠠᠯ ᠢ ᠬᠠᠩᠭᠠᠨ᠎ᠠ︶︔     4. ᠣᠶᠢᠷ᠎ᠠ ᠶᠢᠨ ᠲᠠᠪᠤᠨ ᠵᠢᠯ ᠳᠤ ᠲᠣᠭᠤᠷᠢᠭ ︵ᠰᠢᠶᠠᠨ︶᠎ ᠤᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠠᠴᠠ ᠳᠡᠭᠡᠭᠰᠢᠬᠢ ᠬᠥᠬᠢᠭᠦᠯᠦᠯ ᠢ ᠭᠥᠷᠳᠡᠭᠰᠡᠨ ᠲᠣᠭᠤᠷᠢᠭ ᠤᠨ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠶᠢᠨ ᠦᠷ᠎ᠡ ᠬᠡᠤᠬᠡᠳ ︵ᠪᠠᠭᠰᠢ ᠶᠢᠨ ᠪᠠᠶᠢᠭ᠎ᠠ  ᠨᠢᠭᠡᠴᠢ ᠶᠢᠨ ᠭᠡᠷᠡᠴᠢᠯᠡᠬᠦ ᠮᠠᠲ᠋ᠧᠷᠢᠶᠠᠯ ᠪᠠ ᠢᠷᠠᠭᠤ ᠠᠯᠳᠠᠷ ᠤᠨ ᠦᠨᠡᠮᠯᠡᠯ ᠢ ᠬᠠᠩᠭᠠᠨ᠎ᠠ︶︔      5. ᠥᠪᠡᠷᠲᠡᠭᠡᠨ ᠵᠠᠰᠠᠬᠤ ᠣᠷᠣᠨ ︵ᠮᠤᠵᠢ︶᠎ ᠤ ᠱᠠᠲᠤᠨ ᠤ ᠶᠣᠰᠣ ᠰᠤᠷᠲᠠᠬᠤᠨ ᠤ ᠵᠢᠱᠢᠶᠡᠴᠢ᠂ ᠬᠥᠳᠡᠯᠮᠦᠷᠢ ᠶᠢᠨ ᠵᠢᠱᠢᠶᠡᠴᠢ ᠵᠡᠷᠭᠡ ᠢᠷᠠᠭᠤ ᠠᠯᠳᠠᠷ ᠤᠨ ᠴᠣᠯᠠ ᠭᠥᠷᠳᠡᠭᠰᠡᠨ ᠬᠥᠮᠦᠰ ᠤᠨ ᠦᠷ᠎ᠡ ᠬᠡᠤᠬᠡᠳ ︵ᠬᠠᠮᠢᠶ᠎ᠠ ᠪᠥᠬᠦᠶ ᠨᠢᠭᠡᠴᠡ ᠠᠴᠠ ᠭᠡᠷᠡᠴᠢ ᠮᠠᠲ᠋ᠧᠷᠢᠶᠠᠯ ᠪᠠ ᠢᠷᠠᠭᠤ ᠠᠯᠳᠠᠷ ᠤᠨ ᠦᠨᠡᠮᠯᠡᠯ ᠢ ᠬᠠᠩᠭᠠᠵᠤ ᠥᠭᠭᠦᠨ᠎ᠡ︶᠃        ︵ᠭᠤᠷᠪᠠ︶ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ      1. ᠰᠤᠷᠭᠠᠭᠤᠯᠢ ᠶᠢᠨ ᠬᠠᠷᠢᠶ᠎ᠠ ᠶᠢ ᠴᠠᠭ ᠲᠤᠬᠠᠶ ᠳᠤᠨᠢ ᠳᠠᠩᠰᠠᠯᠠᠭᠤᠯᠬᠤ ᠬᠡᠷᠡᠭᠲᠡᠶ᠃  ᠲᠤᠭᠤᠷᠢᠭ ᠤᠨ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠨᠤᠭᠤᠳ ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠬᠠᠷᠢᠶ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠩᠰᠡᠯᠡᠵᠦ᠂ ᠬᠠᠷᠭᠤᠭᠤᠯᠤᠨ ᠰᠢᠯᠭᠠᠵᠤ᠂ ᠳᠡᠭᠡᠭᠰᠢ ᠮᠡᠳᠡᠭᠦᠯᠬᠦ ᠪᠠ ᠬᠤᠪᠢᠷᠠᠭᠤᠯᠵᠤ᠂ ᠮᠡᠳᠡᠭᠡ ᠵᠠᠩᠭᠢ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      2. ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢ ᠴᠢᠩᠳᠠᠯᠠᠨ᠎ᠠ᠃  ᠲᠤᠭᠤᠷᠢᠭ ᠤᠨ ᠬᠠᠷᠢᠶ᠎ᠠ ᠪᠥᠬᠦᠶ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠤ᠂ ︽ᠨᠢᠭᠡ ᠬᠥᠮᠦᠨ ᠳᠤ ᠨᠢᠭᠡ ᠬᠠᠷᠢᠶ᠎ᠠ ᠲᠠᠢ᠂ ᠬᠠᠷᠢᠶ᠎ᠠ ᠨᠢ ᠬᠥᠮᠦᠨ ᠢ ᠳᠠᠭᠠᠵᠤ ᠶᠠᠪᠤᠬᠤ᠂ ᠬᠠᠷᠢᠶ᠎ᠠ ᠨᠢ ᠨᠢᠭᠡᠳᠦᠯᠲᠡᠶ ᠪᠠᠶᠢᠬᠤ︾ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠢᠭᠡᠯᠡᠨ ᠰᠤᠷᠤᠯᠴᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠢᠭᠡᠳᠦᠭᠡᠷ ᠣᠨ ᠪᠠ ᠳᠣᠯᠣᠳᠤᠭᠠᠷ ᠣᠨ ᠤ ᠰᠢᠨ᠎ᠡ ᠰᠤᠷᠤᠭᠴᠢᠳ ᠵᠢᠨᠢᠩ ᠲᠣᠭᠤᠷᠢᠭ ᠲᠤ ᠰᠤᠷᠭᠠᠭᠤᠯᠢ ᠰᠢᠯᠵᠢᠵᠦ ᠪᠣᠯᠬᠤ ᠥᠬᠡᠶ᠃      ᠲᠠᠪᠤ᠂ ᠠᠵᠢᠯ  ᠤᠨ ᠱᠠᠭᠠᠷᠳᠠᠯᠭ᠎ᠠ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ      ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠤᠨ ᠵᠢᠯᠣᠭᠤᠳᠣᠯᠭ᠎ᠠ᠂ ᠬᠢᠨᠠᠯᠲᠠ ᠪᠠ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠯ᠎ᠡ ᠵᠦᠶᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠬᠤᠲᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠢᠯᠡ ᠪᠠᠷ ᠰᠣᠷᠣᠭᠴᠢ ᠡᠯᠰᠡᠵᠦ᠂ ᠢᠯᠡ ᠪᠠᠷ ᠠᠩᠭᠢ ᠬᠤᠪᠢᠶᠠᠬᠤ︾ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃       ︵ᠬᠤᠶᠠᠷ︶ ᠰᠤᠷᠤᠭᠴᠢ ᠡᠯᠰᠡᠬᠦ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ     ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠠᠯᠪᠠᠨ ᠤ ᠰᠦᠯᠵᠢᠶ᠎ᠡ᠂ ᠸᠢᠴᠠᠲ ᠤᠨ ᠲᠠᠪᠴᠠᠩ ᠵᠢᠴᠢ ᠪᠤᠰᠤᠳ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠭᠠᠬᠤ ᠥᠬᠡᠶ ᠪᠠᠷ ᠬᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠶ︔ ᠬᠡᠷ ᠤᠨ ᠠᠬᠠᠮᠠᠳ ᠪᠣᠯᠤᠨ ᠰᠤᠷᠤᠭᠴᠢᠳ ᠤᠨ ᠰᠣᠷᠣᠭᠴᠢ ᠡᠯᠰᠡᠬᠦ ᠯᠠᠪᠯᠠᠯᠭ᠎ᠠ ᠳᠤ ᠢᠳᠡᠪᠬᠢᠲᠡᠶ ᠬᠠᠷᠢᠭᠤᠯᠲᠠ ᠥᠭᠴᠦ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠬᠥᠲᠥᠯᠦᠨ ᠵᠢᠯᠣᠭᠤᠳᠴᠤ᠂ ᠥᠷᠭᠡᠨ ᠣᠯᠠᠨ ᠬᠡᠷ ᠤᠨ ᠠᠬᠠᠮᠠᠳ ᠪᠣᠯᠤᠨ ᠰᠤᠷᠤᠭᠴᠢᠳ ᠲᠤ ᠦᠶᠯᠡᠴᠢᠯᠡᠨ᠂ ᠰᠣᠷᠣᠭᠴᠢ ᠡᠯᠰᠡᠬᠦ ᠠᠵᠢᠯ ᠤᠨ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠪᠣᠯᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃      ︵ᠭᠤᠷᠪᠠ︶ ᠨᠡᠷ᠎ᠡ ᠮᠡᠳᠡᠭᠦᠯᠬᠦ ᠵᠢᠯᠣᠭᠤᠳᠣᠯᠭ᠎ᠠ ᠶᠢ ᠰᠠᠶᠢᠲᠤᠷ ᠬᠢᠬᠦ ᠬᠡᠷᠡᠭᠲᠡᠶ     ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠵᠢᠯᠣᠭᠤᠳᠣᠯᠭ᠎ᠠ᠂ ᠪᠣᠯᠪᠠᠰᠤᠷᠠᠭᠤᠯᠤᠯ ᠪᠠ ᠰᠣᠷᠢᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠰᠦᠯᠵᠢᠶᠡᠨ ᠭᠠᠳᠠᠨᠠᠬᠢ ᠣᠷᠣᠯᠠᠨ ᠭᠦᠶᠴᠡᠳᠬᠡᠬᠦ ᠴᠡᠭ ᠭᠠᠷᠭᠠᠵᠤ᠂ ᠭᠠᠷ ᠤᠲᠠᠰᠤ᠂ ᠺᠣᠮᠫᠢᠦ᠋ᠲ᠋ᠧᠷ ᠤᠨ ᠠᠵᠢᠯᠯᠠᠭᠠᠨ ᠤ ᠶᠠᠪᠤᠴᠠ ᠶᠢ ᠰᠠᠶᠢᠨ ᠮᠡᠳᠡᠬᠦ ᠥᠬᠡᠶ ᠬᠡᠰᠡᠭ ᠣᠯᠠᠨ ᠲᠦᠮᠡᠨ ᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃      ︵ᠲᠥᠷᠪᠡ︶ ᠮᠡᠳᠡᠭᠡ ᠵᠠᠩᠭᠢ ᠶᠢ ᠴᠢᠩᠭ᠎ᠠ ᠬᠢᠨᠠᠨ ᠰᠢᠯᠭᠠᠨ᠎ᠠ    ᠰᠦᠯᠵᠢᠶ᠎ᠡ ᠪᠠᠷ ᠮᠡᠳᠡᠭᠦᠯᠬᠦ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠶᠢ ᠬᠠᠷᠢᠭᠤᠴᠠᠬᠤ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠥᠯᠥ ᠬᠥᠳᠡᠯᠬᠦ ᠬᠥᠷᠥᠩᠭᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠵᠣᠯᠭᠠᠭᠤᠯᠬᠤ ᠶᠢ ᠴᠢᠩᠭᠠᠳᠬᠠᠵᠤ᠂ ᠬᠡᠷ ᠤᠨ ᠠᠬᠠᠮᠠᠳ ᠤᠨ ᠨᠡᠷ᠎ᠡ ᠮᠡᠳᠡᠭᠦᠯᠬᠦ ᠶᠢ ︽ᠠᠯᠠᠭᠠᠨ ᠳᠡᠭᠡᠷ᠎ᠡ ᠪᠠᠨ ᠭᠦᠶᠴᠡᠳᠬᠡᠬᠦ︾ ︽ᠰᠠᠨᠠᠭ᠎ᠠ ᠠᠮᠤᠷ ᠭᠦᠶᠴᠡᠳᠬᠡᠬᠦ︾᠎ ᠶᠢ ᠪᠡᠶᠡᠯᠡᠭᠦᠯᠬᠦ ᠬᠡᠷᠡᠭᠲᠡᠶ᠃     1. ᠡᠷᠦᠬᠡ ᠠᠮᠠ ᠶᠢᠨ ᠬᠠᠷᠢᠶ᠎ᠠ ᠶᠢᠨ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠨ᠎ᠠ᠃ ᠰᠤᠷᠬᠤ ᠨᠠᠰᠤᠨ ᠤ ᠬᠡᠤᠬᠡᠳ ᠪᠠᠭᠠᠴᠤᠳ ᠪᠠ ᠬᠢᠨᠠᠨ ᠬᠠᠮᠠᠭᠠᠯᠠᠭᠴᠢ᠂ ᠬᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠦᠨ ᠤ ᠡᠷᠦᠬᠡ ᠠᠮᠠ ᠶᠢᠨ ᠲᠠᠩᠰᠠ ᠪᠠ ᠬᠠᠷᠢᠴᠠᠭ᠎ᠠ ᠶᠢ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠨᠢᠩ ᠲᠣᠭᠤᠷᠢᠭ ᠤᠨ ᠬᠤᠪᠢᠶᠠᠷᠢ ᠲᠣᠪᠴᠢᠶ᠎ᠠ ᠠᠴᠠ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃     2.ᠣᠷᠣᠨ ᠰᠠᠭᠤᠴᠠ ᠶᠢᠨ ᠮᠠᠲ᠋ᠧᠷᠢᠶᠠᠯ ᠢ ᠬᠢᠨᠠᠨ ᠰᠢᠯᠭᠠᠬᠤ᠃    ︵1︶ ᠬᠤᠪᠢ ᠶᠢᠨ ᠣᠷᠣᠨ ᠰᠠᠭᠤᠴᠠ ᠶᠢᠨ ᠮᠡᠳᠡᠭᠡ ᠵᠠᠩᠭᠢ᠃ ① ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠪᠠ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠤᠨ ᠮᠡᠳᠡᠭᠡ ᠵᠠᠩᠭᠢ ᠶᠢ ᠲᠣᠭᠤᠷᠢᠭ ᠤᠨ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠲᠥᠪ ᠠᠴᠠ ᠬᠠᠷᠢᠭᠤᠴᠠᠨ ᠬᠢᠨᠠᠨ ᠰᠢᠯᠭᠠᠨ᠎ᠠ᠃    ② ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠰᠦᠯᠵᠢᠶᠡᠨ ᠳᠡᠭᠡᠷ᠎ᠡ ᠭᠡᠷ᠎ᠡ ᠲᠣᠭᠲᠠᠭᠠᠬᠤ ᠶᠠᠪᠤᠳᠠᠯ ᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠬᠢᠨᠠᠨ ᠰᠢᠯᠭᠠᠨ᠎ᠠ᠃ ③ ᠭᠡᠷ ᠪᠠᠶᠢᠰᠢᠩ ᠢ ᠲᠠᠲᠠᠪᠤᠷᠢᠯᠠᠨ ᠲᠥᠪᠬᠢᠨᠡᠭᠦᠯᠬᠦ ᠬᠡᠯᠡᠯᠴᠡᠭᠡᠷ ᠤᠨ ᠪᠢᠴᠢᠭ ᠢ ᠲᠣᠭᠤᠷᠢᠭ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠠᠴᠠ ᠬᠠᠷᠢᠭᠤᠴᠠᠨ ᠬᠢᠨᠠᠨ ᠰᠢᠯᠭᠠᠨ᠎ᠠ᠃ ④ ︽ᠪᠤᠰᠤᠳ ᠣᠷᠣᠨ ᠰᠠᠭᠤᠴᠠ ᠶᠢᠨ ᠭᠡᠷᠡᠴᠢ ᠮᠠᠲ᠋ᠧᠷᠢᠶᠠᠯ︾᠎ ᠢ ᠬᠤᠯᠪᠣᠭᠳᠠᠯ ᠪᠦᠬᠦᠢ ᠨᠢᠭᠡᠴᠢ ᠠᠴᠠ ᠬᠠᠷᠢᠭᠤᠴᠠᠨ ᠮᠠᠭᠠᠳᠯᠠᠨ ᠲᠣᠭᠲᠠᠭᠠᠬᠤ ᠪᠥᠭᠡᠳ ᠬᠢᠨᠠᠨ ᠰᠢᠯᠭᠠᠨ᠎ᠠ᠃    ︵2︶ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ︵ᠬᠢᠮᠳᠠ ᠲᠦᠷᠢᠶᠡᠰᠦᠯᠡᠯ ᠤᠨ ᠣᠷᠣᠨ ᠰᠠᠭᠤᠴᠠ︶᠎ ᠶᠢᠨ ᠮᠡᠳᠡᠭᠡ ᠵᠠᠩᠭᠢ᠃ ᠲᠣᠭᠤᠷᠢᠭ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠶᠯᠡᠴᠢᠯᠡᠭᠡᠨ ᠤ ᠲᠥᠪ ᠠᠴᠠ ᠬᠠᠷᠢᠭᠤᠴᠠᠨ ᠬᠢᠨᠠᠨ ᠰᠢᠯᠭᠠᠨ᠎ᠠ᠃     ︵3︶ ᠣᠷᠣᠰᠢᠨ ᠰᠠᠭᠤᠬᠤ ᠭᠡᠷᠡᠴᠢ ᠶᠢᠨ ᠮᠡᠳᠡᠭᠡ ᠵᠠᠩᠭᠢ᠃ ① ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠶ᠎ᠠ ᠲᠣᠭᠤᠷᠢᠭ ᠤᠨ ᠨᠡᠶᠢᠭᠡᠮ ᠲᠣᠭᠤᠷᠢᠭ ᠠᠴᠠ ᠭᠠᠷᠭᠠᠭᠰᠠᠨ ᠬᠤᠲᠠ ᠳᠤ ᠣᠷᠣᠵᠤ ᠠᠵᠢᠯ ᠬᠢᠵᠦ ᠪᠠᠶᠢᠭ᠎ᠠ ᠬᠥᠮᠦᠰ ᠵᠢᠴᠢ ᠳᠠᠭᠠᠵᠤ ᠨᠡᠭᠦᠭᠰᠡᠨ ᠦᠷ᠎ᠡ ᠬᠡᠦᠬᠡᠳ ᠤᠨ ᠣᠷᠣᠰᠢᠨ ᠰᠠᠭᠤᠭᠰᠠᠨ ᠭᠡᠷᠡᠴᠢ ᠪᠢᠴᠢᠭ ᠢ ᠬᠢᠨᠠᠨ ᠰᠢᠯᠭᠠᠨ᠎ᠠ᠃ ② ᠣᠷᠣᠰᠢᠨ ᠰᠠᠭᠤᠬᠤ ᠦᠨᠡᠮᠯᠡᠯ ᠢ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠨᠢᠩ ᠲᠣᠭᠤᠷᠢᠭ ᠤᠨ ᠬᠤᠪᠢᠶᠠᠷᠢ ᠲᠣᠪᠴᠢᠶ᠎ᠠ ᠠᠴᠠ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃     ︵4︶ ᠭᠡᠷ ᠪᠠᠶᠢᠰᠢᠩ ᠦᠭᠡᠢ ᠭᠡᠷᠡᠴᠢᠯᠡᠯ ᠤᠨ ᠮᠡᠳᠡᠭᠡ ᠵᠠᠩᠭᠢ᠃ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠬᠢᠨᠠᠨ ᠰᠢᠯᠭᠠᠬᠤ ᠶᠢ ᠬᠠᠷᠢᠭᠤᠴᠠᠨ᠎ᠠ᠃     3. ᠬᠠᠷᠠᠭᠠᠯᠵᠠᠯ  ᠤᠨ ᠮᠠᠲ᠋ᠧᠷᠢᠶᠠᠯ ᠢ  ᠬᠢᠨᠠᠨ ᠰᠢᠯᠭᠠᠬᠤ᠃ ᠬᠠᠷᠠᠭᠠᠯᠵᠠᠯ ᠤᠨ ᠮᠠᠲ᠋ᠧᠷᠢᠶᠠᠯ ᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠯᠪᠠᠨ ᠬᠡᠷ ᠠᠴᠠ ᠬᠠᠷᠢᠭᠤᠴᠠᠨ ᠬᠢᠨᠠᠨ ᠰᠢᠯᠭᠠᠨ᠎ᠠ᠃ ᠮᠠᠲ᠋ᠧᠷᠢᠶᠠᠯ ᠢ ᠭᠥᠯᠢᠶᠡᠨ ᠠᠪᠴᠤ ᠰᠢᠶᠳᠪᠦᠷᠢᠯᠡᠬᠦ ᠴᠠᠭ ᠨᠢ 6 ᠰᠠᠷ᠎ᠠ ᠶᠢᠨ 15᠎ ᠤ ᠡᠳᠦᠷ ᠠᠴᠠ 7 ᠰᠠᠷ᠎ᠠ ᠶᠢᠨ 10᠎ ᠤ ᠡᠳᠦᠷ᠃       4. ᠪᠤᠰᠤᠳ ᠮᠠᠲ᠋ᠧᠷᠢᠶᠠᠯ ᠢ ᠬᠢᠨᠠᠨ ᠰᠢᠯᠭᠠᠬᠤ᠃ ᠣᠷᠤᠭ ᠤᠨ ᠦᠨᠡᠮᠯᠡᠯ ᠤᠨ ᠮᠡᠳᠡᠭᠡ ᠵᠠᠩᠭᠢ ᠶᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠣᠷᠤᠭ ᠤᠨ ᠪᠦᠷᠢᠳᠬᠡᠯ ᠤᠨ ᠲᠥᠪ ᠠᠴᠠ ᠬᠠᠷᠢᠭᠤᠴᠠᠨ ᠬᠢᠨᠠᠨ ᠰᠢᠯᠭᠠᠨ᠎ᠠ᠃ ᠠᠨᠠᠭᠠᠬᠤ ᠤᠬᠠᠭᠠᠨ ᠤ ᠲᠥᠷᠥᠭᠰᠡᠨ ᠭᠡᠷᠡᠴᠢ ᠶᠢᠨ ᠮᠡᠳᠡᠭᠡ ᠵᠠᠩᠭᠢ ᠶᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃      ᠡᠯ᠎ᠡ ᠰᠠᠯᠠᠭ᠎ᠠ ᠮᠥᠴᠢᠷ ᠤᠨ ᠬᠢᠨᠠᠭᠰᠠᠨ ᠤ ᠳᠠᠷᠠᠭᠠᠬᠢ ᠰᠡᠵᠢᠭ ᠲᠠᠢ ᠠᠰᠠᠭᠤᠳᠠᠯ ᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠯᠪᠠᠨ ᠬᠡᠷ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠤᠳᠤᠯᠤᠨ ᠰᠢᠶᠳᠪᠦᠷᠢᠯᠡᠨ᠎ᠡ᠃ ᠳᠣᠤᠷᠠᠬᠢ ᠪᠠᠶᠢᠳᠠᠯ ᠤᠨ ᠨᠢᠭᠡ ᠳᠤᠨᠢ ᠬᠠᠷᠢᠶᠠᠯᠠᠭᠳᠠᠬᠤ ᠶᠢ  ᠲᠤᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠶ ᠲᠥᠯᠥᠪᠯᠡᠨ ᠬᠤᠪᠢᠶᠠᠷᠢᠯᠠᠵᠤ᠂ ᠬᠤᠪᠢᠶᠠᠷᠢᠯᠠᠭᠰᠠᠨ ᠤ ᠳᠠᠷᠠᠭ᠎ᠠ ᠳᠠᠭᠢᠵᠤ ᠲᠣᠬᠢᠷᠠᠭᠤᠯᠤᠯᠲᠠ ᠬᠢᠬᠦ ᠥᠬᠡᠶ᠃ ① ᠰᠤᠷᠭᠠᠭᠤᠯᠢ ᠳᠤ ᠣᠷᠣᠬᠤ ᠨᠥᠬᠦᠴᠡᠯ ᠳᠤ ᠨᠡᠶᠢᠴᠡᠭᠰᠡᠨ ᠪᠣᠯᠪᠠᠴᠤ ᠰᠦᠯᠵᠢᠶᠡᠨ ᠳᠡᠭᠡᠷ᠎ᠡ ᠮᠡᠳᠡᠭᠡ ᠵᠠᠩᠭᠢ ᠪᠠᠨ ᠳᠠᠩᠰᠠᠯᠠᠭᠤᠯᠤᠭᠰᠠᠨ ᠥᠬᠡᠶ ᠮᠥᠷᠲᠡᠭᠡᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠯᠪᠠᠨ ᠬᠡᠷ ᠲᠤ ᠮᠡᠳᠡᠭᠦᠯᠵᠦ ᠳᠠᠩᠰᠠᠯᠠᠭᠤᠯᠤᠭᠰᠠᠨ ᠥᠬᠡᠶ ︔ ② ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ︔ ③ ᠣᠨᠴᠠᠭᠠᠶ ᠰᠢᠯᠲᠠᠭᠠᠨ ᠥᠬᠡᠶ ᠪᠠᠷ ᠰᠤᠷᠭᠠᠭᠤᠯᠢ ᠪᠠ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠯᠪᠠᠨ ᠬᠡᠷ ᠲᠤ ᠲᠣᠰ ᠬᠥᠮᠦᠨ ᠵᠢᠴᠢ ᠲᠡᠭᠦᠨ ᠤ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠳᠡᠪᠲᠡᠷ᠂ ᠬᠡᠷ ᠬᠥᠷᠥᠩᠭᠡ ᠶᠢᠨ ᠦᠨᠡᠮᠯᠡᠯ ᠵᠡᠷᠭᠡ ᠬᠠᠮᠢᠶ᠎ᠠ ᠪᠥᠬᠦᠶ ᠦᠨᠡᠮᠯᠡᠯ ᠢᠶᠠᠨ ᠬᠠᠩᠭᠠᠬᠤ ᠶᠢ ᠲᠡᠪᠴᠢᠭᠰᠡᠨ︔ ④ ᠡᠷᠦᠭᠡ ᠶᠢᠨ ᠡᠵᠡᠨ ᠪᠠ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠦᠨ ᠨᠢ ᠰᠤᠷᠭᠠᠭᠤᠯᠢ ᠳᠤ ᠣᠷᠣᠬᠤ ᠡᠲᠡᠭᠡᠳ ᠤᠨ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠪᠤᠰᠤ ᠪᠠᠶᠢᠬᠤ︔ ⑤ ᠭᠡᠷ ᠬᠦᠷᠦᠩᠭᠡ ᠶᠢᠨ ᠰᠢᠨᠵᠢ ᠴᠢᠨᠠᠷ ᠨᠢ ᠬᠤᠳᠠᠯᠳᠤᠭᠠᠨ ᠤ ᠫᠦᠰᠡ᠂ ᠲᠡᠷᠭᠡᠨ ᠬᠥᠮᠥᠷᠭᠡ ᠵᠡᠷᠭᠡ ᠡᠩ ᠤᠨ ᠪᠤᠰᠤ ᠣᠷᠣᠨ ᠰᠠᠭᠤᠴᠠ ᠪᠠᠶᠢᠬᠤ︔ ⑥ ᠭᠡᠷ ᠪᠠᠶᠢᠰᠢᠩ ᠤᠨ ᠥᠮᠴᠢᠯᠡᠯ ᠤᠨ ᠡᠷᠬᠡ ᠨᠢ ᠣᠯᠠᠨ ᠬᠥᠮᠦᠨ ᠬᠠᠮᠲᠤ ᠪᠠᠷ ᠥᠮᠴᠢᠯᠡᠵᠦ ᠪᠠᠶᠢᠬᠤ ︵ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠥᠮᠴᠢᠯᠡᠯ ᠡᠭᠦᠨ ᠳᠤ ᠪᠠᠭᠲᠠᠬᠤ ⑦ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ ᠭᠠᠷ ᠭᠦᠢᠴᠡᠳᠬᠡᠯ ᠢ ᠦᠯᠦ ᠭᠦᠢᠴᠡᠳᠬᠡᠭᠰᠡᠨ︔ ⑧ ᠲᠣᠭᠲᠠᠭᠠᠯ ᠢ ᠵᠥᠷᠢᠴᠡᠭᠰᠡᠨ ᠪᠤᠰᠤᠳ ᠪᠠᠶᠢᠳᠠᠯ ᠲᠠᠢ ᠪᠠᠶᠢᠬᠤ᠃         ︵ᠲᠠᠪᠤ︶ ᠰᠤᠷᠤᠭᠴᠢ ᠡᠯᠰᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ       ᠰᠣᠷᠣᠭᠴᠢ ᠡᠯᠰᠡᠬᠦ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠶᠠᠮᠤᠨ ᠤ ︽ᠠᠷᠪᠠᠨ ᠵᠦᠶᠯ ᠤᠨ ᠴᠢᠩᠭ᠎ᠠ ᠴᠠᠭᠠᠵᠠᠯᠠᠯ︾᠎ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠥᠯᠥᠪᠯᠡᠭᠡ ᠥᠬᠡᠶ ᠪᠠᠷ᠂ ᠲᠥᠯᠥᠪᠯᠡᠭᠡ ᠠᠴᠠ ᠳᠠᠪᠠᠭᠤᠯᠤᠨ ᠵᠣᠬᠢᠶᠠᠨ ᠪᠠᠶᠢᠭᠤᠯᠵᠤ ᠰᠣᠷᠣᠭᠴᠢ ᠡᠯᠰᠡᠬᠦ ᠶᠢ ᠴᠢᠩᠭ᠎ᠠ ᠴᠠᠭᠠᠵᠠᠯᠠᠨ᠎ᠠ᠂ ᠰᠤᠷᠭᠠᠭᠤᠯᠢ ᠨᠤᠭᠤᠳ ᠰᠣᠷᠣᠭᠴᠢ ᠡᠯᠰᠡᠬᠦ ᠠᠵᠢᠯ ᠳᠠᠭᠤᠰᠤᠭᠰᠠᠨ ᠤ ᠳᠠᠷᠠᠭ᠎ᠠ ᠪᠤᠰᠤᠳ ᠰᠤᠷᠭᠠᠭᠤᠯᠢ ᠳᠤ ᠡᠯᠰᠡᠭᠳᠡᠭᠰᠡᠨ ᠰᠣᠷᠣᠭᠴᠢ ᠶᠢ ᠳᠤᠷ᠎ᠠ ᠪᠠᠷ ᠢᠶᠠᠨ ᠡᠯᠰᠡᠵᠦ ᠪᠣᠯᠬᠤ ᠥᠬᠡᠶ︔ ᠥᠪᠡᠰᠦᠪᠡᠨ ᠵᠣᠬᠢᠶᠠᠨ ᠪᠠᠶᠢᠭᠤᠯᠬᠤ ᠪᠤᠶᠤ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠲᠠᠢ ᠬᠠᠮᠲᠤᠷᠠᠨ ᠰᠣᠷᠣᠭᠴᠢ ᠶᠢᠨ ᠢᠷᠡᠯᠲᠡ ᠶᠢ ᠰᠢᠯᠢᠨ ᠰᠣᠩᠭᠤᠬᠤ ᠪᠠᠷ ᠵᠣᠷᠢᠯᠭ᠎ᠠ ᠪᠣᠯᠭᠠᠭᠰᠠᠨ ᠡᠯ᠎ᠡ ᠲᠥᠷᠥᠯ ᠤᠨ ᠰᠢᠯᠭᠠᠯᠲᠠ ᠶᠢ ᠵᠣᠬᠢᠶᠠᠨ ᠪᠠᠶᠢᠭᠤᠯᠬᠤ᠂ ᠡᠰᠡᠬᠦᠯ᠎ᠡ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠥᠪᠡᠰᠦᠪᠡᠨ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠰᠢᠯᠭᠠᠯᠲᠠ ᠶᠢᠨ ᠦᠷ᠎ᠡ ᠳ᠋ᠦᠩ ᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠤᠷᠢᠳᠴᠢᠯᠠᠨ ᠵᠣᠬᠢᠶᠠᠨ ᠪᠠᠶᠢᠭᠤᠯᠵᠤ ᠰᠣᠷᠣᠭᠴᠢ ᠡᠯᠰᠡᠬᠦ᠂ ᠬᠡᠯᠪᠡᠷᠢ ᠶᠢ ᠨᠢ ᠥᠭᠡᠷᠡᠲᠦᠭᠦᠯᠦᠨ ᠰᠣᠷᠣᠭᠴᠢ ᠶᠢᠨ ᠢᠷᠡᠯᠲᠡ ᠶᠢ ᠰᠣᠩᠭᠤᠬᠤ ᠶᠢ ᠴᠢᠩᠭ᠎ᠠ ᠴᠠᠭᠠᠵᠠᠯᠠᠨ᠎ᠠ︔ ᠠᠯᠪᠠᠨ ᠠᠴᠠ ᠡᠷᠭᠢᠯᠡᠭᠰᠡᠨ ᠰᠤᠷᠭᠠᠭᠤᠯᠢ ᠪᠣᠯᠤᠨ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠬᠤᠯᠢᠯᠳᠤᠭᠤᠯᠤᠨ ᠰᠣᠷᠣᠭᠴᠢ ᠡᠯᠰᠡᠬᠦ᠂ ᠬᠤᠯᠢᠯᠳᠤᠭᠤᠯᠤᠨ ᠠᠩᠭᠢ ᠬᠤᠪᠢᠶᠠᠬᠤ ᠶᠢ ᠴᠢᠩᠭ᠎ᠠ ᠴᠠᠭᠠᠵᠠᠯᠠᠨ᠎ᠠ︔ ᠶᠡᠭᠡ ᠬᠡᠮᠵᠢᠶᠡᠨ ᠤ ᠡᠳ᠋ ᠪᠣᠳᠠᠰ ᠢᠶᠠᠷ ᠱᠠᠩᠨᠠᠬᠤ᠂ ᠬᠤᠳᠠᠯ ᠬᠠᠭᠤᠷᠮᠠᠭ ᠢᠶᠠᠷ ᠤᠬᠠᠭᠤᠯᠬᠤ ᠵᠡᠷᠭᠡ ᠵᠦᠢ ᠪᠤᠰᠤ ᠠᠷᠭ᠎ᠠ ᠪᠠᠷᠢᠯ ᠢᠶᠠᠷ ᠰᠤᠷᠤᠬᠴᠢ ᠶᠢᠨ ᠢᠷᠡᠯᠳᠡ ᠶᠢ ᠲᠠᠲᠠᠵᠤ ᠠᠪᠴᠢᠷᠠᠬᠤ ᠶᠢ ᠴᠢᠩᠭ᠎ᠠ ᠴᠠᠭᠠᠵᠠᠯᠠᠨ᠎ᠠ︔ ᠶᠠᠮᠠᠷᠪᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠲᠠᠢ ᠬᠤᠯᠪᠣᠭᠳᠠᠭᠤᠯᠤᠭᠰᠠᠨ ︽ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ ᠵᠣᠭᠤᠰ︾ ᠬᠤᠷᠢᠶᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠤᠷᠢᠶᠠᠬᠤ ᠶᠢ ᠴᠢᠩᠭ᠎ᠠ ᠴᠠᠭᠠᠵᠠᠯᠠᠨ᠎ᠠ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠨᠤᠭᠤᠳ ᠡᠯ᠎ᠡ ᠲᠥᠷᠥᠯ ᠤᠨ ᠤᠷᠤᠯᠳᠤᠭᠠᠨ ᠤ ᠦᠨᠡᠮᠯᠡᠯ᠂ ᠬᠢᠴᠢᠶᠡᠯ ᠲᠥᠷᠥᠯ ᠤᠨ ᠤᠷᠤᠯᠳᠤᠭᠠᠨ ᠤ ᠬᠢᠷᠢ ᠪᠦᠲᠦᠮᠵᠢ ᠪᠤᠶᠤ ᠲᠠᠰ ᠰᠢᠯᠭᠠᠭᠰᠠᠨ ᠭᠡᠷᠡᠴᠢ ᠵᠡᠷᠭᠡ ᠪᠠᠷ ᠰᠣᠷᠣᠭᠴᠢ ᠡᠯᠰᠡᠬᠦ ᠦᠨᠳᠦᠰᠦᠯᠡᠯ ᠪᠣᠯᠭᠠᠬᠤ ᠶᠢ ᠴᠢᠩᠭ᠎ᠠ ᠴᠠᠭᠠᠵᠠᠯᠠᠨ᠎ᠠ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠶᠠᠮᠠᠷᠪᠠ ᠨᠡᠷᠡᠯᠡᠭᠰᠡᠨ ᠭᠤᠤᠯᠳᠠᠯᠭ᠎ᠠ ᠲᠠᠢ ᠠᠩᠭᠢ᠂ ᠲᠦᠷᠭᠡᠨ ᠤᠳᠠᠭᠠᠨ ᠤ ᠠᠩᠭᠢ ᠭᠠᠷᠭᠠᠬᠤ ᠶᠢ ᠴᠢᠩᠭ᠎ᠠ ᠴᠠᠭᠠᠵᠠᠯᠠᠨ᠎ᠠ︔ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠰᠤᠷᠤᠭᠴᠢᠳ ᠤᠨ ᠳᠤᠮᠳᠠ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠬᠢᠬᠦ ᠶᠢ ᠴᠢᠩᠭ᠎ᠠ ᠴᠠᠭᠠᠵᠠᠯᠠᠵᠤ ᠂ ᠳᠤᠮᠳᠠ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠮᠠᠩᠯᠠᠶ ᠪᠠ ᠰᠤᠷᠭᠠᠭᠤᠯᠢ ᠳᠡᠪᠰᠢᠬᠦ ᠨᠣᠷᠮ᠎ᠠ ᠶᠢ ᠤᠬᠠᠭᠤᠯᠤᠨ᠎ᠠ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠴᠦ ᠰᠤᠷᠭᠠᠭᠤᠯᠢ ᠶᠢᠨ ᠳᠤᠮᠳᠠ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠳᠠᠯ ᠤᠨ ᠨᠡᠷᠡᠰ ᠤᠨ ᠵᠢᠭᠰᠠᠭᠠᠯᠲᠠ ᠬᠢᠬᠦ ᠵᠢᠴᠢ ᠰᠤᠷᠭᠠᠭᠤᠯᠢ ᠳᠤ ᠲᠣᠰ ᠰᠤᠷᠭᠠᠭᠤᠯᠢ ᠶᠢᠨ ᠪᠤᠰᠤ ᠳᠤᠮᠳᠠ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠬᠥᠮᠦᠨ ᠤ ᠬᠠᠷᠢᠶ᠎ᠠ ᠶᠢ ᠰᠠᠯᠭᠠᠬᠤ᠂ ᠰᠤᠷᠭᠠᠭᠤᠯᠢ ᠶᠢᠨ ᠬᠠᠷᠢᠶ᠎ᠠ ᠶᠢ ᠬᠤᠭᠤᠰᠣᠨ ᠡᠯᠭᠦᠬᠦ᠂ ᠰᠤᠷᠭᠠᠭᠤᠯᠢ ᠶᠢᠨ ᠬᠠᠷᠢᠶ᠎ᠠ ᠶᠢ ᠬᠠᠭᠤᠷᠮᠠᠭ ᠢᠶᠠᠷ ᠵᠣᠬᠢᠶᠠᠬᠤ ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠣᠷᠣᠨ ᠪᠦᠰᠡ ᠠᠯᠤᠰᠯᠠᠨ ᠡᠯᠰᠡᠭᠰᠡᠨ ᠰᠣᠷᠣᠭᠴᠢ ᠪᠠ ᠲᠣᠭᠲᠠᠭᠠᠯ ᠠᠴᠠ ᠵᠥᠷᠢᠴᠡᠨ ᠰᠤᠷᠭᠠᠭᠤᠯᠢ ᠰᠢᠯᠵᠢᠭᠰᠡᠨ ᠰᠣᠷᠣᠭᠴᠢ ᠳᠤ ᠰᠤᠷᠭᠠᠭᠤᠯᠢ ᠶᠢᠨ ᠬᠠᠷᠢᠶ᠎ᠠ ᠶᠢ ᠰᠢᠯᠵᠢᠭᠦᠯᠦᠨ ᠵᠠᠯᠭᠠᠬᠤ ᠶᠢ ᠭᠦᠶᠴᠡᠳᠬᠡᠵᠦ ᠪᠣᠯᠬᠤ ᠥᠬᠡᠶ᠃      ︵ᠵᠢᠷᠭᠤᠭ᠎ᠠ︶ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ     ᠬᠤᠲᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠤᠷᠭᠠᠨ ᠬᠥᠮᠦᠵᠢᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠠᠷᠠᠯᠲᠠ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠠᠬᠢᠯᠭ᠎ᠠ ᠪᠠᠲᠤ ᠶᠢ ᠬᠡᠷᠡᠭᠵᠢᠭᠦᠯᠬᠦ ︽ᠳᠥᠷᠪᠡᠨ ᠵᠦᠶᠯ ᠤᠨ ᠬᠡᠯᠪᠡᠷᠢ ᠪᠠᠶᠢᠳᠠᠯ︾᠎ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ︽ᠬᠤᠶᠠᠷ ᠬᠠᠷᠢᠭᠤᠴᠠᠯᠭ᠎ᠠ︾᠎ ᠶᠢ ᠪᠣᠳᠠᠲᠠᠶᠢᠵᠢᠭᠤᠯᠤᠨ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠰᠣᠷᠣᠭᠴᠢ ᠡᠯᠰᠡᠬᠦ ᠠᠵᠢᠯ ᠤᠨ ᠳᠤᠮᠳᠠ ᠡᠭᠦᠰᠦᠭᠰᠡᠨ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠳᠤ᠂ ᠦᠶᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠬᠠᠷᠢᠭᠤᠴᠠᠯᠭᠠᠲᠠᠨ ᠳᠤ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠥᠭᠭᠦᠨ᠎ᠡ︔ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠬᠤᠯᠪᠣᠭᠳᠠᠯ ᠪᠥᠬᠦᠶ ᠬᠠᠤᠯᠢ ᠲᠣᠭᠲᠠᠭᠠᠯ ᠲᠦᠷᠢᠮ ᠶᠣᠰᠣᠭᠠᠷ ᠰᠢᠳᠬᠡᠨ ᠲᠣᠷᠭᠠᠨ᠎ᠠ᠃       ᠬᠢᠨᠠᠯᠲᠠ ᠲᠠᠯᠪᠢᠬᠤ ᠤᠲᠠᠰᠤ᠄ 0474-8989396                                 0474-8188203       ᠵᠢᠷᠭᠤᠭ᠎ᠠ᠂ ᠲᠣᠰ ᠬᠡᠷᠡᠭᠵᠢᠭᠦᠯᠬᠦ ᠰᠠᠨᠠᠯ ᠢ ᠵᠢᠨᠢᠩ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ᠳᠠᠭᠠᠯᠳᠤᠭᠤᠯᠤᠯ᠄ 1. ᠵᠢᠨᠢᠩ ᠲᠣᠭᠤᠷᠢᠭ ᠤᠨ 2023 ᠣᠨ ᠤ ᠨᠢᠭᠡᠳᠦᠭᠡᠷ ᠣᠨ ᠤ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠲᠥᠰᠦᠯ2. ᠵᠢᠨᠢᠩ ᠲᠣᠭᠤᠷᠢᠭ ᠤᠨ 2023 ᠣᠨ ᠤ ᠳᠣᠯᠣᠳᠤᠭᠠᠷ ᠣᠨ ᠤ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠲᠥᠰᠦᠯ3. ᠵᠢᠨᠢᠩ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ︽ᠢᠯᠡ ᠪᠠᠷ ᠠᠩᠭᠢ ᠬᠤᠪᠢᠶᠠᠬᠤ︾ ᠠᠵᠢᠯ ᠤᠨ ᠵᠢᠯᠣᠭᠤᠳᠬᠤ ᠰᠠᠨᠠᠯ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2