ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠶᠢᠰᠦᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/10
705470.jpg
       7 ᠰᠠᠷ᠎ᠠ ᠶᠢᠨ 7᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠶᠢᠰᠦᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠪᠦᠬᠦ  ᠲᠤᠭᠤᠷᠢᠭ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠤ ᠵᠢᠨᠢᠩ ᠲᠣᠭᠤᠷᠢᠭ ᠲᠤ ᠰᠢᠲᠠᠮᠠᠬᠠᠢ ᠬᠡᠢ ᠶᠢᠨ  ᠬᠦᠷᠢᠶ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠲᠤᠬᠠᠢ ᠶᠢᠨ ᠲᠠᠯᠠᠪᠠᠢ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ ᠃ ᠠᠶᠤᠯᠭᠦᠶ ᠦᠶᠯᠡᠳᠪᠦᠷᠢᠯᠡᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠲᠦᠷᠢᠮ︾᠎ ᠢ ᠤᠯᠠᠮᠵᠢᠯᠠᠨ ᠰᠤᠷᠤᠯᠴᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠴᠤᠭᠯᠠᠭᠠᠨ ᠤᠳᠠᠯ ᠦᠭᠡᠶ ᠮᠠᠨ ᠤ  ᠲᠤᠭᠤᠷᠢᠭ ᠲᠤ ᠬᠤᠷᠠᠯᠳᠤᠨ᠎ᠠ᠂ ᠲᠥᠪᠯᠡᠷᠡᠯ ᠤᠨ ᠴᠡᠭ ᠵᠢᠨᠢᠩ ᠳᠤ ᠪᠤᠢ᠂ ᠬᠠᠯᠠᠮᠰᠢᠯ ᠴᠡᠭ ᠵᠢᠨᠢᠩ ᠳᠤ ᠪᠤᠢ᠂ ᠠᠩᠬᠠᠷᠤᠯ ᠤᠨ ᠴᠡᠭ ᠨᠡᠩ ᠴᠤ ᠵᠢᠨᠢᠩ ᠳᠤ ᠪᠤᠢ᠂ ᠪᠦᠬᠦ  ᠲᠤᠭᠤᠷᠢᠭ  ᠢᠶᠠᠷ ᠢᠶᠠᠨ ᠡᠷᠬᠡᠪᠰᠢ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠬᠦᠨᠳᠦ ᠨᠣᠴᠢᠲᠠᠢ ᠪᠠᠶᠢᠳᠠᠯ ᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠷᠴᠢᠮ ᠢ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠷᠭ᠎ᠠ  ᠬᠡᠮᠵᠢᠶ᠎ᠡ ᠶᠢ ᠨᠠᠷᠢᠯᠢᠬᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠴᠡᠭᠴᠡᠯᠡᠨ ᠰᠠᠶᠢᠵᠢᠷᠠᠭᠤᠯᠬᠤ ᠲᠥᠰᠦᠯ ᠪᠠ ᠡᠬᠡ ᠲᠠᠩᠰᠠ ᠶᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠠᠰᠠᠭᠤᠳᠠᠯ ᠤᠨ ᠠᠭᠤᠯᠭ᠎ᠠ ᠲᠠᠢ ᠬᠠᠷᠢᠴᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠴᠢᠩᠭ᠎ᠠ ᠵᠢᠷᠤᠮᠯᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                      ᠵᠢᠷᠤᠭ ᠄ ᠴᠢᠶᠤᠤ ᠮᠢᠨ                      ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2