ᠵᠢᠨᠢᠩ ᠲᠣᠭᠤᠷᠢᠭ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠨᠢᠩ ᠤᠨ ᠭᠤᠣᠯ ᠬᠤᠷᠠᠯ ᠤᠨ ᠲᠠᠯᠠᠪᠠᠶ ᠶᠢᠨ ᠬᠠᠮᠢᠶ᠎ᠠ ᠪᠦᠬᠦᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/7/10
        7 ᠳ᠋ᠤᠭᠠᠷ ᠰᠠᠷ᠎ᠠ ᠶᠢᠨ 5᠎ ᠤ ᠡᠳᠦᠷ ᠤᠨ ᠣᠷᠣᠢ᠂ ᠬᠤᠲᠠ ᠶᠢᠨ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠨᠢᠩ ᠤᠨ ᠭᠤᠣᠯ ᠬᠤᠷᠠᠯ ᠤᠨ ᠲᠠᠯᠠᠪᠠᠶ ᠵᠢᠨ‌ᠬᠠᠮᠢᠶ᠎ᠠ ᠪᠦᠬᠦᠢ ᠠᠵᠢᠯ ᠤᠨ ᠡᠭᠦᠷᠭᠡ ᠶᠢ ᠲᠣᠬᠢᠷᠠᠭᠤᠯᠵᠤ ᠪᠠᠶᠢᠷᠢᠯᠠᠭᠤᠯᠪᠡ᠃                          ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠨᠢᠩ ᠤᠨ ᠭᠤᠣᠯ ᠬᠤᠷᠠᠯ ᠤᠨ ᠲᠠᠯᠠᠪᠠᠢ ᠶᠢᠨ ᠬᠠᠮᠢᠶ᠎ᠠ ᠪᠦᠬᠦᠢ ᠪᠡᠯᠡᠳᠬᠡᠯ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠵᠢᠯᠤᠭᠤᠳᠬᠤ ᠰᠢᠰᠲ᠋ᠧᠮᠵᠢ ᠶᠢᠨ ᠦᠢᠯᠡᠳᠦᠯ ᠢᠶᠠᠨ ᠪᠠᠳᠠᠷᠠᠭᠤᠯᠤᠨ᠂ ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠵᠣᠬᠢᠶᠠᠨ ᠪᠠᠶᠢᠭᠤᠯᠬᠤ ᠺᠣᠮᠢᠰ ᠤᠨ ᠨᠢᠭᠡᠳᠦᠯᠲᠡᠢ ᠲᠣᠬᠢᠷᠠᠭᠤᠯᠤᠯᠲᠠ ᠶᠢ ᠳᠠᠭᠠᠵᠤ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠴᠢᠬᠤᠯᠠ ᠵᠦᠢᠯᠡᠰ ᠢ ᠴᠠᠭ ᠲᠤᠬᠠᠢ ᠳᠤᠨᠢ ᠵᠢᠭᠠᠪᠤᠷᠢ ᠠᠪᠴᠤ᠂ ᠬᠠᠷᠢᠭᠤ ᠮᠡᠳᠡᠭᠦᠯᠵᠦ᠂ ᠪᠡᠯᠡᠳᠬᠡᠯ ᠠᠵᠢᠯ ᠤᠨ ᠵᠣᠯᠭᠠᠯᠳᠤᠯ ‍ᠤᠨ‌ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠠᠵᠢᠯ ᠤᠨ ᠪᠠᠶᠢᠷᠢ ᠳᠠᠭᠠᠨ ᠪᠠᠶᠢᠵᠤ᠂ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠳᠡᠢ ᠭᠡᠵᠤ ᠵᠢᠭᠠᠵᠤ ᠭᠠᠷᠭᠠᠪᠠ᠃        ᠬᠤᠷᠠᠯ ᠠᠴᠠ᠂ ᠠᠬᠢᠴᠠ ᠶᠢ ᠲᠦᠷᠭᠡᠳᠬᠡᠵᠦ᠂ ᠵᠢᠨᠢᠩ ᠲᠣᠭᠤᠷᠢᠭ ᠤᠨ ᠨᠣᠭᠤᠭᠠᠷᠠᠭᠤᠯᠤᠯᠲᠠ ᠭᠡᠷᠡᠯᠲᠦᠭᠦᠯᠭᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ᠂ ᠡᠮᠬᠢ ᠳᠢᠭᠯᠢᠮ ᠤᠨ ᠬᠠᠮᠢᠶᠠᠷᠤᠯᠲᠠ ᠶᠢᠨ ᠠᠵᠢᠯ ᠢ ᠴᠢᠨᠠᠭᠰᠢᠳᠠ ᠰᠠᠶᠢᠲᠤᠷ ᠬᠢᠵᠦ᠂ ᠵᠢᠨᠢᠩ ᠬᠤᠳᠠ ᠶᠢᠨ ᠶᠠᠰᠤ ᠴᠢᠨᠠᠷ᠂ ᠬᠤᠳᠠ ᠶᠢᠨ ᠣᠷᠴᠢᠨ ᠲᠣᠭᠤᠷᠢᠨ᠂ ᠬᠤᠳᠠ ᠶᠢᠨ ᠳᠦᠷᠢ ᠲᠥᠷᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠴᠠᠬᠢᠯᠭᠠᠨ ᠢ ᠪᠠᠲᠤᠯᠠᠬᠤ ᠤᠰᠤ ᠶᠢ ᠪᠠᠲᠤᠯᠠᠬᠤ ᠢᠯᠭᠤᠮ ᠰᠢᠯᠤᠭᠤᠨ ᠢ ᠪᠠᠲᠤᠯᠠᠬᠤ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠷᠤᠯᠳᠤᠭᠠᠨ ᠤ ᠶᠠᠪᠤᠳᠠᠯ ᠢ ᠭᠥᠯᠢᠶᠡᠨ ᠠᠪᠬᠤ ᠦᠢᠯᠡᠴᠢᠯᠡᠭᠡ᠂ ᠠᠮᠤᠷ ᠲᠦᠪᠰᠢᠨ ᠤ ᠪᠠᠲᠤᠯᠠᠭ᠎ᠠ ᠵᠡᠷᠭᠡ ᠪᠡᠯᠡᠳᠬᠡᠯ ᠵᠦᠢᠯᠡᠰ ᠢ ᠦᠷᠭᠦᠯᠵᠢᠯᠡᠨ ᠲᠡᠭᠦᠯᠳᠡᠷᠵᠢᠭᠦᠯᠵᠦ᠂ ᠪᠣᠷᠣᠭᠠᠨ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠠᠶᠤᠯ ᠢ ᠰᠡᠷᠭᠡᠶᠢᠯᠡᠬᠦ ᠵᠡᠷᠭᠡ ᠴᠢᠳᠠᠪᠤᠷᠢ ᠶᠢ ᠨᠡᠮᠡᠭᠳᠡᠭᠦᠯᠦᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠤᠬᠠᠭᠤᠯᠭ᠎ᠠ ᠪᠠᠨ ᠴᠢᠩᠭᠠᠳᠬᠠᠵᠤ᠂ ᠵᠢᠨᠢᠩ ᠤᠨ ᠳᠦᠷᠢ ᠲᠥᠷᠬᠦ ᠶᠢ ᠤᠯᠠᠨ ᠬᠡᠯᠪᠡᠷᠢ᠂ ᠤᠯᠠᠨ ᠲᠠᠯ᠎ᠠ ᠠᠴᠠ ᠢᠯᠡᠷᠡᠭᠦᠯᠬᠦ ᠬᠡᠷᠡᠭᠲᠡᠢ᠃ ᠵᠢᠯᠤᠭᠤᠳᠬᠤ ᠭᠠᠵᠠᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠡᠯ᠎ᠡ ᠲᠤᠰᠬᠠᠢ ᠲᠦᠷᠦᠯ ᠤᠨ ᠳᠤᠭᠤᠶᠢᠯᠠᠩ᠂ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠢᠨ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠲᠤᠰ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠪᠡᠯᠡᠳᠬᠡᠯ ᠠᠵᠢᠯ ᠢ ᠦᠷᠭᠦᠯᠵᠢᠯᠡᠨ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2