ᠵᠢᠨᠢᠩ ᠲᠣᠭᠤᠷᠢᠭ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠨᠢᠩ ᠤᠨ ᠭᠤᠣᠯ ᠬᠤᠷᠠᠯ ᠤᠨ ᠲᠠᠯᠠᠪᠠᠢ ᠶᠢᠨ ᠬᠠᠮᠢᠶ᠎ᠠ ᠪᠦᠬᠦᠢ ᠠᠵᠢᠯ ᠢ ᠠᠬᠢᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/10
      7 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠨᠢᠩ ᠤᠨ ᠭᠤᠣᠯ ᠬᠤᠷᠠᠯ ᠤᠨ ᠲᠠᠯᠠᠪᠠᠶ ᠶᠢᠨ ᠬᠠᠮᠢᠶ᠎ᠠ ᠪᠦᠬᠦᠢ ᠠᠵᠢᠯ ᠢ ᠲᠦᠯᠬᠢᠨ ᠠᠬᠢᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠡᠯ᠎ᠡ ᠳᠤᠭᠤᠶᠢᠯᠠᠩ ᠤᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃      ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠠᠯ᠎ᠠ ᠪᠠᠷ ᠲᠠᠬᠢᠨ ᠨᠠᠷᠢᠯᠢᠭᠵᠢᠭᠤᠯᠵᠤ ᠲᠠᠬᠢᠨ ᠳᠡᠭᠡᠭᠰᠢᠯᠡᠭᠦᠯᠵᠦ᠂ ᠶᠠᠮᠠᠷᠪᠠ ᠨᠠᠷᠢᠨ ᠵᠦᠢᠯᠡᠰ ᠢ ᠴᠦ ᠣᠷᠬᠢᠭᠳᠠᠭᠤᠯᠬᠤ ᠦᠭᠡᠢ ᠪᠠᠶᠢᠵᠤ᠂ ᠪᠡᠯᠡᠳᠬᠡᠯ ᠠᠵᠢᠯ ᠢ ᠨᠡᠩ ᠪᠦᠬᠦ ᠲᠠᠯ᠎ᠠ ᠪᠠᠷ᠂ ᠨᠡᠩ ᠭᠦᠢᠴᠡᠳ ᠪᠣᠳᠣᠯᠬᠢᠯᠠᠬᠤ ᠶᠢ ᠪᠠᠲᠤᠯᠠᠬᠤ ᠬᠡᠷᠡᠭᠲᠡᠢ᠃ ᠴᠠᠭ ᠬᠤᠭᠤᠴᠠᠭ᠎ᠠ ᠶᠢ ᠠᠮᠵᠢᠨ᠂ ᠲᠦᠭᠰᠢᠭᠦᠷᠢ ᠶᠢᠨ ᠴᠡᠭ ᠢ ᠳᠠᠬᠢᠨ ᠵᠢᠭᠰᠠᠭᠠᠨ ᠪᠠᠶᠢᠴᠠᠭᠠᠵᠤ᠂ ᠴᠠᠬᠢᠯᠭᠠᠨ ᠬᠦᠴᠦ᠂ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ ᠵᠡᠷᠭᠡ ᠡᠯ᠎ᠡ ᠲᠠᠯ᠎ᠠ ᠶᠢᠨ ᠪᠠᠲᠤᠯᠠᠭ᠎ᠠ ᠶᠢᠨ ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃        ᠲᠤᠰ ᠤᠳᠠᠭ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠵᠠ ᠲᠣᠬᠢᠶᠠᠯ ᠢ ᠰᠠᠶᠢᠲᠤᠷ ᠠᠰᠢᠭᠯᠠᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠵᠢᠨᠢᠩ ᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠡᠯ᠎ᠡ ᠠᠵᠢᠯᠯᠠᠬᠤ ᠳᠤᠭᠤᠶᠢᠯᠠᠩ ᠤᠨ ᠬᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠴᠢᠬᠤᠯᠠ ᠵᠦᠢᠯᠡᠰ ᠢ ᠴᠠᠭ ᠲᠤᠬᠠᠢ ᠳᠤᠨᠢ ᠵᠢᠭᠠᠪᠤᠷᠢ ᠠᠪᠴᠤ ᠬᠠᠷᠢᠭᠤ ᠮᠡᠳᠡᠭᠦᠯᠬᠦ ᠶᠢ ᠪᠡᠶᠡᠯᠡᠭᠦᠯᠵᠦ᠂ ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠠᠵᠢᠯ ᠤᠨ ᠵᠣᠯᠭᠠᠯᠳᠤᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2