ᠵᠠᠩ ᠶᠦᠩ ᠸᠧᠨ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/11
705470.jpg
    7 ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃      ᠵᠠᠩ ᠶᠦᠩ ᠸᠧᠨ ᠤᠷᠢᠳ ᠬᠤᠵᠢᠳ ᠲᠣᠭᠤᠷᠢᠭ ᠤᠨ ᠴᠠᠬᠠᠷ ᠪᠠᠭ᠎ᠠ ᠰᠤᠷᠭᠠᠭᠤᠯᠢ᠂ ᠠᠷᠪᠠᠨ ᠲᠠᠪᠤᠳᠤᠭᠠᠷ ᠬᠡᠦᠬᠡᠳ ᠤᠨ ᠴᠡᠴᠡᠷᠯᠢᠭ᠂ ᠶᠦᠩ ᠠᠨ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ 3 ᠰᠤᠷᠭᠠᠨ ᠬᠥᠮᠦᠵᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠰᠤᠷᠭᠠᠭᠤᠯᠢ ᠶᠢᠨ ᠲᠥᠯᠥᠪᠵᠢᠭᠦᠯᠭᠡ᠂ ᠪᠠᠶᠢᠷᠢᠰᠢᠯ ᠤᠨ ᠲᠠᠷᠬᠠᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤᠨᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠡᠢ᠃ᠲᠠᠷᠠᠭ᠎ᠠ ᠪᠠᠷ ᠨᠢ ᠬᠤᠷᠠᠯᠳᠤᠭᠤᠯᠤᠭᠰᠠᠨ ᠲᠤᠰᠬᠠᠢ ᠰᠡᠳᠦᠪᠲᠦ ᠬᠤᠷᠠᠯ ᠳᠡᠭᠡᠷ᠎ᠡ᠂ ᠵᠠᠩ ᠶᠦᠩ ᠸᠧᠨ ᠮᠠᠨ ᠤ  ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠮᠠᠨ ᠤ  ᠲᠤᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠠᠬᠢᠭᠤᠯᠬᠤ ᠲᠤᠬᠠᠢ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃     ᠲᠡᠷᠡ  ᠱᠠᠭᠠᠷᠳᠠᠭᠰᠠᠨ ᠨᠢ᠂ ᠰᠤᠷᠭᠠᠨ ᠬᠥᠮᠦᠵᠢᠯ ᠤᠨ ᠦᠢᠯᠡᠰ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠭᠦᠢᠴᠡᠳ ᠲᠠᠨᠢᠵᠤ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠭᠰᠢ ᠶᠢᠨ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ ᠭᠡᠵᠡᠢ ᠃    ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠶ ᠵᠠᠩ ᠶᠦᠩ  ᠸᠧᠨ ᠬᠡᠯᠡᠬᠦ ᠳᠡᠭᠡᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠨ᠂ ᠡᠯ᠎ᠡ ᠵᠦᠶᠯ ᠤᠨ ᠰᠤᠷᠭᠠᠨ ᠬᠥᠮᠦᠵᠢᠯ ᠤᠨ ᠠᠵᠢᠯ ᠤᠨ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠨ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠠᠮᠢᠳᠤᠯᠢᠭ ᠬᠦᠴᠦᠨ ᠢ ᠬᠥᠭᠵᠢᠭᠡᠬᠦ ᠬᠡᠷᠡᠭᠲᠡᠶ᠃ ᠰᠤᠷᠭᠠᠨ ᠬᠥᠮᠦᠵᠢᠯ ᠤᠨ ᠣᠷᠣᠭᠤᠯᠤᠯᠲᠠ ᠪᠠ ᠪᠠᠲᠤᠯᠠᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠥᠮᠦᠵᠢᠯ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠥᠷᠭᠡᠨ ᠢᠶᠠᠷ ᠳᠠᠶᠢᠴᠢᠯᠠᠨ ᠰᠤᠷᠭᠠᠨ ᠬᠥᠮᠦᠵᠢᠯ ᠢ ᠬᠠᠯᠠᠮᠵᠢᠯᠠᠵᠤ᠂ ᠰᠤᠷᠭᠠᠨ ᠬᠥᠮᠦᠵᠢᠯ ᠢ ᠳᠡᠮᠵᠢᠭᠦᠯᠵᠦ᠂ ᠪᠥᠬᠦ  ᠲᠤᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠠᠷᠠᠳ ᠲᠦᠮᠡᠨ ᠢᠶᠠᠷ ᠭᠤᠤᠯ ᠪᠣᠯᠭᠠᠬᠤ︾ ᠰᠤᠷᠭᠠᠨ ᠬᠥᠮᠦᠵᠢᠯ ᠤᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠥᠬᠡᠶ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠪᠥᠬᠦ  ᠲᠤᠭᠤᠷᠢᠥᠶᠢᠭ ᠤᠨ ᠰᠤᠷᠭᠠᠨ ᠬᠥᠮᠦᠵᠢᠯ ᠤᠨ ᠦᠶᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃     ᠾᠧ ᠷᠦᠨ ᠭᠧᠨ᠂ ᠵᠠᠩ ᡁᠢ ᠷᠦᠩ᠂ ᠸᠠᠩ ᠯᠢ ᠰᠢᠨ᠂ ᠯᠢᠦ ᡁᠢ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪᠤᠶᠤ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃                         ᠵᠢᠷᠤᠭ᠄ ᠴᠢᠶᠤᠤ ᠮᠢᠨ                         ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2