ᠵᠠᠩ ᠶᠦᠩ ᠸᠧᠨ ᠮᠠᠨ ᠤ ᠲᠤᠭᠤᠷᠢᠭ ᠤᠨ ᠦᠶᠡᠷ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/7/11
626470.jpg
     7 ᠳ᠋ᠤᠭᠠᠷ ᠰᠠᠷ᠎ᠠ ᠶᠢᠨ 10᠎ ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠮᠠᠨ ᠤ  ᠲᠤᠭᠤᠷᠢᠭ ᠤᠨ ᠦᠶᠡᠷ ᠢ ᠰᠡᠷᠭᠡᠶᠢᠯᠡᠬᠦ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠵᠠᠩ ᡁᠢ ᠷᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶ ᠸᠠᠩ ᠰᠠᠭᠤᠭᠠᠯᠢ ᠲᠣᠭᠤᠷᠢᠭ ᠤᠨ ᠠᠮᠠᠷᠬᠠᠨ ᠤᠰᠤᠲᠤᠬᠤ ᠭᠠᠵᠠᠷ᠂ ᠨᠠᠨ ᠱᠠ ᠾᠧ ᠭᠤᠣᠯ ᠤᠨ ᠵᠠᠮ ᠤᠨ ᠱᠤᠭᠤᠮ᠂ ᠵᠢᠨᠢᠩ ᠤᠨ ᠬᠤᠶᠢᠲᠤ ᠬᠡᠰᠡᠭ ᠤᠨ ᠪᠠᠷᠠᠭᠠᠨ ᠤ ᠲᠠᠯᠠᠪᠠᠢ ᠶᠢᠨ ᠥᠷᠲᠡᠭᠡᠨ ᠤ ᠪᠣᠷᠣᠭᠠᠨ ᠤ ᠤᠰᠤᠨ ᠬᠥᠭᠡᠷᠭᠡ ᠶᠢᠨ ᠦᠷᠲᠡᠭᠡ᠂ ᠮᠠ ᠯᠢᠶᠠᠨ ᠴᠢᠦᠶ ᠰᠢᠶᠠᠩ ᠤᠨ ᠦᠶᠡᠷ ᠵᠠᠯᠠᠬᠤ ᠭᠤᠤ ᠵᠡᠷᠭᠡ ᠭᠠᠵᠠᠷ ᠲᠤ ᠵᠠᠩ ᠶᠦᠩ ᠸᠧᠨ ᠶᠠᠪᠤᠬᠤ ᠶᠢᠨ ᠳᠠᠭᠠᠤ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠮᠠᠨ ᠤ  ᠲᠤᠭᠤᠷᠢᠭ ᠤᠨ ᠣᠳᠣᠬᠠᠨ ᠤ ᠦᠶᠡᠷ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠪᠣᠯᠤᠨ ᠭᠤᠣᠯ ᠤᠨ ᠵᠠᠮ ᠤᠨ ᠦᠶᠡᠷ ᠶᠠᠪᠤᠭᠤᠯᠬᠤ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠦᠶᠡᠷ ᠢ ᠰᠡᠷᠭᠡᠶᠢᠯᠡᠬᠦ ᠠᠵᠢᠯ ᠤᠨ ᠪᠡᠯᠡᠳᠬᠡᠯ ᠤᠨ ᠪᠠᠶᠢᠳᠠᠯ ᠢ ᠭᠦᠨᠵᠡᠭᠡᠢ ᠣᠶᠢᠯᠠᠭᠠᠪᠠ᠃      ᠵᠠᠩ ᠶᠦᠩ ᠸᠧᠨ ᠬᠡᠯᠡᠭᠰᠡᠨ ᠨᠢ᠂ ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠂ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠶᠢᠵᠢᠭᠤᠯᠵᠤ᠂ ᠪᠡᠯᠡᠳᠬᠡᠯ ᠠᠵᠢᠯ ᠢ ᠭᠦᠢᠴᠡᠳ ᠪᠥᠭᠡᠳ ᠨᠠᠷᠢᠯᠢᠭ ᠬᠢᠵᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠲᠤᠨᠤᠭ ᠲᠥᠬᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ  ᠪᠠᠲᠤ ᠰᠠᠬᠢᠬᠤ ᠬᠡᠷᠡᠭᠲᠡᠢ᠃ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠠᠵᠢᠯᠳᠠᠨ ᠤ ᠬᠦᠴᠦᠨ ᠢ ᠭᠦᠢᠴᠡᠳ ᠪᠡᠯᠡᠳᠬᠡᠵᠦ᠂ ᠦᠶᠡᠷ ᠢ ᠰᠡᠷᠭᠡᠶᠢᠯᠡᠬᠦ ᠦᠶᠡᠷ ᠢ ᠪᠡᠯᠡᠳᠬᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃    ᠵᠠᠩ ᠶᠦᠩ ᠸᠧᠨ ᠲᠢᠶᠠᠨᠵᠢᠨ ᠤ ᠰᠢᠲᠠᠯᠭ᠎ᠠ ᠶᠢᠨ ᠨᠡᠶᠢᠲᠡ ᠶᠢᠨ ᠬᠡᠷᠡᠭᠯᠡᠭᠡᠨ ᠤ ᠵᠢᠨᠢᠩ ᠤᠨ ᠬᠤᠪᠢᠶᠠᠷᠢ ᠺᠣᠮᠫᠠᠨᠢ ᠳᠤ ᠬᠦᠷᠬᠦ ᠳᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠡᠷᠦᠬᠡ ᠳᠤ ᠬᠦᠷᠴᠦ ᠰᠢᠲᠠᠮᠠᠬᠠᠢ ᠬᠡᠢ ᠶᠢᠨ ᠠᠮᠤᠷ ᠲᠦᠪᠰᠢᠨ ᠢ ᠪᠠᠶᠢᠴᠠᠭᠠᠭᠰᠠᠨ ᠠᠵᠢᠯ ᠤᠨ ᠡᠬᠡ ᠲᠠᠩᠰᠠ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠲᠦᠷᠢᠮ᠂ ᠭᠡᠮ ᠰᠣᠭᠤᠭ ᠢ ᠪᠠᠶᠢᠴᠠᠭᠠᠨ ᠵᠠᠰᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠵᠠᠩ ᠶᠦᠩ ᠸᠧᠨ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠨᠠᠶᠢᠳᠠᠪᠤᠷᠢᠵᠢᠭᠤᠯᠵᠤ᠂ ᠡᠷᠦᠬᠡ ᠳᠤ ᠣᠷᠣᠬᠤ ᠭᠡᠮ ᠰᠣᠭᠤᠭ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠴᠢᠳ ᠤᠨ ᠠᠶᠤᠯᠭᠦᠢ ᠦᠢᠯᠡᠳᠪᠦᠷᠢᠯᠡᠯ ᠳᠤ ᠶᠠᠮᠠᠷ ᠴᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠃ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠡᠭᠦᠰᠬᠦ ᠶᠢ ᠤᠯᠠᠮ ᠨᠢᠭᠡ ᠠᠯᠬᠤᠮ ᠰᠡᠷᠭᠡᠶᠢᠯᠡᠨ ᠬᠤᠷᠢᠭᠯᠠᠵᠤ᠂ ᠠᠶᠤᠯ ᠥᠬᠡᠶ ᠦᠶᠯᠡᠳᠪᠦᠷᠢᠯᠡᠯ ᠤᠨ ᠡᠯ᠎ᠡ ᠵᠦᠶᠯ ᠤᠨ ᠠᠵᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃                  ᠵᠢᠷᠤᠭ᠄ ᠴᠢᠶᠤᠤ ᠮᠢᠨ                 ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2