ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠬᠡᠰᠡᠭ ᠬᠤᠳᠠᠯᠳᠤᠭᠠᠨ ᠤ ᠴᠣᠭᠴᠠ ᠶᠢᠨ ᠠᠮᠢᠳᠤᠯᠢᠭᠵᠢᠭᠤᠯᠤᠨ ᠠᠰᠢᠭᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2023/7/13
705470.jpg
     7 ᠰᠠᠷ᠎ᠠ ᠶᠢᠨ 11᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠰᠡᠭ ᠬᠤᠳᠠᠯᠳᠤᠭᠠᠨ ᠤ ᠴᠣᠭᠴᠠ ᠶᠢᠨ ᠴᠢᠯᠥᠭᠡᠲᠡᠶ ᠠᠰᠢᠭᠯᠠᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠠᠶ᠃     ᠬᠤᠷᠠᠯ ᠠᠴᠠ ᠵᠢᠨᠢᠩ ᠤᠯᠠᠨ ᠤᠯᠤᠰ ᠤᠨ ᠬᠤᠳᠠᠯᠳᠤᠭ᠎ᠠ ᠠᠷᠠᠯᠵᠢᠶᠠᠨ ᠤ ᠬᠤᠳᠠ᠂ ᠵᠢᠨᠢᠩ ᠤᠯᠠᠨ ᠤᠯᠤᠰ ᠤᠨ ᠠᠷᠠᠰᠤ ᠰᠢᠷᠢ ᠶᠢᠨ ᠬᠤᠳᠠ᠂ ᠵᠢᠨᠢᠩ ᠤᠨ ᠡᠷᠲᠡᠨ ᠤ ᠬᠤᠳᠠ᠂  ᠬᠤ᠋ ᠱᠠᠨ ᠡᠷᠲᠡᠨ ᠤ ᠵᠡᠭᠡᠯᠢ᠂ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠤᠨ ᠡᠷᠲᠡᠨ ᠤ ᠵᠡᠭᠡᠯᠢ ᠶᠢ ᠠᠮᠢᠯᠠᠭᠤᠯᠤᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠳᠤᠬᠢᠷᠠᠭᠤᠯᠵᠤ ᠪᠠᠶᠢᠷᠢᠯᠠᠭᠤᠯᠪᠠ᠃       ᠬᠤᠷᠠᠯ ᠠᠴᠠ  ᠵᠢᠭᠠᠭᠰᠠᠨ ᠨᠢ᠂ ᠰᠤᠯᠠ ᠪᠠᠶᠢᠭ᠎ᠠ ᠬᠤᠳᠠᠯᠳᠤᠭᠠᠨ ᠤ ᠴᠣᠭᠴᠠ ᠶᠢᠨ ᠡᠬᠢ ᠪᠠᠶᠠᠯᠢᠭ ᠢ ᠠᠮᠢᠳᠤᠯᠢᠭ ᠪᠣᠯᠭᠠᠬᠤ ᠨᠢ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠨᠡᠮᠡᠭᠳᠡᠭᠦᠯᠬᠦ ᠳᠤ ᠴᠢᠬᠤᠯᠠ ᠦᠢᠯᠡᠳᠦᠯ ᠲᠠᠢ ᠶᠤᠮ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠪᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠷᠠᠭᠤᠯᠤᠨ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠤᠳᠠᠯᠳᠤᠭᠠᠨ ᠤ ᠴᠣᠭᠴᠠ ᠶᠢᠨ ᠴᠢᠯᠥᠭᠡᠲᠡᠶ ᠠᠰᠢᠭᠯᠠᠬᠤ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠴᠢᠯᠥᠭᠡᠲᠡᠶ ᠠᠰᠢᠭᠯᠠᠬᠤ ᠠᠵᠢᠯ ᠤᠨ ᠪᠣᠯᠤᠮᠵᠢᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠠᠷᠠᠯᠵᠢᠶᠠᠴᠢᠨ ᠤᠷᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ︽ᠭᠠᠳᠠᠭᠰᠢ ᠭᠠᠷᠴᠤ︾ ᠠᠵᠤ ᠠᠬᠤᠶᠢᠯᠠᠯ ᠢ ᠵᠣᠯᠭᠠᠭᠤᠯᠵᠤ᠂ ᠲᠥᠷᠥᠯ ᠵᠦᠶᠯ ᠢ ᠣᠷᠣᠭᠤᠯᠤᠨ ᠠᠪᠴᠢᠷᠠᠵᠤ᠂ ᠠᠷᠠᠯᠵᠢᠶᠠᠴᠢᠨ ᠤᠷᠢᠬᠤ ᠡᠬᠢ ᠪᠠᠶᠠᠯᠢᠭ ᠢ ᠢᠳᠡᠪᠬᠢᠲᠡᠶ ᠪᠠᠷ ᠥᠷᠭᠡᠳᠬᠡᠨ᠂ ᠴᠢᠨᠠᠷ ᠰᠠᠶᠢᠲᠠᠶ ᠠᠵᠤ ᠠᠬᠤᠶᠢᠯᠠᠯ ᠪᠠ ᠬᠤᠳᠠᠯᠳᠤᠭᠠᠴᠢᠨ ᠢ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠶᠡᠬᠡᠪᠡᠷ ᠣᠷᠣᠭᠤᠯᠤᠨ ᠠᠪᠴᠢᠷᠠᠵᠤ᠂ ᠣᠯᠠᠨ ᠶᠠᠩᠵᠤ ᠶᠢᠨ᠂ ᠬᠡᠪᠴᠢᠶᠡᠵᠢᠭᠰᠡᠨ᠂ ᠶᠠᠰᠤ ᠴᠢᠨᠠᠷᠵᠢᠭᠰᠠᠨ᠂ ᠵᠦᠷᠢᠶᠡᠵᠢᠭᠰᠡᠨ ᠬᠤᠳᠠᠯᠳᠤᠭᠠᠨ ᠤ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ᠣᠯᠠᠨ ᠡᠰᠢᠵᠢᠭᠰᠡᠨ ᠬᠡᠷᠡᠭᠯᠡᠭᠡᠨ ᠤ ᠲᠥᠪᠯᠡᠷᠡᠯ ᠤᠨ ᠣᠷᠣᠨ ᠢ ᠪᠣᠶ ᠪᠣᠯᠭᠠᠵᠤ᠂ ᠮᠠᠨ ᠤ  ᠲᠤᠭᠤᠷᠢᠭ ᠤᠨ ᠡᠬᠢ ᠪᠠᠶᠠᠯᠢᠭ ᠢ ᠠᠮᠢᠳᠤᠯᠢᠭ ᠪᠣᠯᠭᠠᠬᠤ᠂ ᠬᠤᠳᠠᠯᠳᠤᠭ᠎ᠠ ᠶᠢ ᠬᠥᠭᠵᠢᠭᠦᠯᠬᠦ᠂ ᠠᠵᠤ ᠠᠬᠤᠶ ᠶᠢ ᠬᠦᠴᠦᠷᠬᠡᠭᠵᠢᠭᠦᠯᠬᠦ ᠶᠢ ᠲᠠᠰᠤᠷᠠᠯᠲᠠ ᠥᠬᠡᠶ  ᠠᠬᠢᠭᠤᠯᠬᠤ ᠬᠡᠷᠡᠭᠲᠡᠶ᠃      ᠺᠠᠩ ᠬᠠᠶ ᠷᠦᠢ᠂  ᠶᠤᠤ ᠬᠠᠶ ᠮᠢᠩ᠂ ᠵᠠᠩ ᡁᠢ ᠷᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                        ᠵᠢᠷᠤᠭ᠄ ᠴᠢᠶᠤᠤ ᠮᠢᠨ                        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2