ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠲᠦᠷᠭᠡᠨ ᠰᠢᠢᠳᠪᠦᠷᠢᠯᠡᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2023/7/17
705470.jpg
     7 ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠲᠦᠷᠭᠡᠪᠴᠢᠯᠡᠨ ᠰᠢᠶᠳᠪᠦᠷᠢᠯᠡᠬᠦ ᠶᠢ ᠠᠬᠢᠭᠤᠯᠪᠠ᠃  ᠬᠤᠷᠠᠯ ᠳᠡᠭᠡᠷ᠎ᠡ᠂ ᠣᠶᠢᠷ᠎ᠠ ᠶᠢᠨ ᠬᠤᠭᠤᠴᠠᠭᠠᠨ ᠳᠤ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠬᠦ ᠶᠢ ᠪᠦᠬᠦ ᠲᠠᠯ᠎ᠠ  ᠪᠠᠷ ᠬᠡᠷᠡᠭ ᠳᠠᠭᠠᠭᠠᠴᠢᠯᠠᠭᠰᠠᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ ᠬᠡᠷᠡᠭ ᠳᠠᠭᠠᠭᠠᠴᠢᠯᠠᠭᠰᠠᠨ ᠲᠦᠷᠦᠯ ᠵᠦᠢᠯ ᠢ ᠠᠬᠢᠭᠤᠯᠤᠨ ᠰᠢᠢᠳᠪᠦᠷᠢᠯᠡᠭᠰᠡᠨ ᠪᠠᠶᠢᠳᠠᠯ ᠪᠣᠯᠤᠨ ᠲᠤᠰ ᠰᠠᠯᠠᠭ᠎ᠠ ᠮᠥᠴᠢᠷ ᠲᠤ ᠬᠤᠯᠪᠣᠭᠳᠠᠭᠰᠠᠨ ᠪᠣᠳᠠᠲᠠᠢ ᠠᠵᠢᠯ ᠤᠨ ᠪᠠᠶᠢᠳᠠᠯ ᠤᠨ ᠲᠤᠬᠠᠢ ᠲᠤᠰ ᠲᠤᠰ ᠬᠠᠷᠢᠭᠤ ᠮᠡᠳᠡᠭᠦᠯᠦᠯᠲᠡ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠦᠷᠦᠯ ᠵᠦᠢᠯ ᠢ ᠠᠬᠢᠭᠤᠯᠤᠨ ᠰᠢᠢᠳᠪᠦᠷᠢᠯᠡᠬᠦ ᠬᠤᠷᠳᠤᠴᠠ ᠶᠢ ᠦᠷᠭᠦᠯᠵᠢᠯᠡᠨ ᠲᠦᠷᠭᠡᠳᠬᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠡᠵᠡᠮᠳᠡᠵᠦ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠶᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ᠃ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠵᠡᠷᠭᠡ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠤᠯᠠᠨ ᠲᠦᠮᠡᠨ ᠤ ᠨᠡᠭᠦᠵᠦ ᠣᠷᠣᠬᠤ᠂ ᠠᠮᠤᠷ ᠰᠠᠭᠤᠬᠤ ᠶᠢ ᠪᠠᠲᠤᠯᠠᠬᠤ ᠬᠡᠷᠡᠭᠲᠡᠶ᠃ ᠡᠯ᠎ᠡ ᠲᠤᠰᠬᠠᠶ ᠠᠩᠭᠢ᠂ ᠰᠠᠯᠠᠭ᠎ᠠ ᠮᠥᠴᠢᠷ ᠤᠳ ᠵᠣᠯᠭᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠬᠠᠷᠢᠭᠤᠴᠠᠬᠤ ᠲᠥᠷᠥᠯ ᠵᠦᠶᠯ ᠳᠤ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠶ᠃ ᠲᠥᠷᠥᠯ ᠵᠦᠶᠯ ᠤᠨ ᠲᠥᠯᠥᠪᠵᠢᠭᠦᠯᠭᠡ ᠶᠢ ᠬᠢᠨᠠᠨ ᠬᠠᠷᠭᠤᠭᠤᠯᠬᠤ᠂ ᠪᠠᠯᠠ ᠮᠥᠩᠭᠦ ᠶᠢ ᠬᠢᠨᠠᠨ ᠬᠠᠮᠢᠶᠠᠷᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠷᠢᠯᠭ᠎ᠠ ᠶᠢᠨ ᠠᠵᠢᠯ ᠤᠨ ᠬᠦᠴᠢᠷ ᠠᠰᠠᠭᠤᠳᠠᠯ ᠢ ᠰᠢᠶᠳᠪᠦᠷᠢᠯᠡᠨ᠂ ᠲᠥᠷᠥᠯ ᠵᠦᠶᠯ ᠤᠨ ᠲᠣᠭᠲᠠᠭᠰᠠᠨ ᠬᠤᠭᠤᠴᠠᠭᠠᠨ ᠳᠤ ᠶᠠᠰᠤ ᠴᠢᠨᠠᠷ ᠢ ᠪᠠᠲᠤᠯᠠᠨ ᠠᠵᠢᠯ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠠᠷᠢᠭᠤᠴᠠᠯᠭ᠎ᠠ ᠡᠭᠦᠷᠭᠡᠯᠡᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠵᠥᠷᠢᠴᠡᠯ ᠢ ᠡᠷᠲᠡ ᠠᠴᠠ ᠨᠢ ᠰᠢᠢᠳᠪᠦᠷᠢᠯᠡᠵᠦ᠂ ᠪᠠᠭ᠎ᠠ ᠠᠴᠠ ᠨᠢ ᠰᠢᠢᠳᠪᠦᠷᠢᠯᠡᠬᠦ ᠬᠡᠷᠡᠭᠲᠡᠢ᠃     ᠡᠯ᠎ᠡ ᠲᠣᠭᠤᠷᠢᠭ ᠤᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                  ᠵᠢᠷᠤᠭ᠄ ᠴᠢᠶᠤᠤ ᠮᠢᠨ                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2