| 7 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ | ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ | ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠲᠦᠷᠭᠡᠪᠴᠢᠯᠡᠨ | ᠰᠢᠶᠳᠪᠦᠷᠢᠯᠡᠬᠦ ᠶᠢ ᠠᠬᠢᠭᠤᠯᠪᠠ᠃ | ᠬᠤᠷᠠᠯ ᠳᠡᠭᠡᠷ᠎ᠡ᠂ ᠣᠶᠢᠷ᠎ᠠ ᠶᠢᠨ ᠬᠤᠭᠤᠴᠠᠭᠠᠨ ᠳᠤ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ | ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠬᠦ ᠶᠢ ᠪᠦᠬᠦ ᠲᠠᠯ᠎ᠠ ᠪᠠᠷ | ᠬᠡᠷᠡᠭ ᠳᠠᠭᠠᠭᠠᠴᠢᠯᠠᠭᠰᠠᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ | ᠬᠡᠷᠡᠭ ᠳᠠᠭᠠᠭᠠᠴᠢᠯᠠᠭᠰᠠᠨ ᠲᠦᠷᠦᠯ ᠵᠦᠢᠯ ᠢ ᠠᠬᠢᠭᠤᠯᠤᠨ ᠰᠢᠢᠳᠪᠦᠷᠢᠯᠡᠭᠰᠡᠨ ᠪᠠᠶᠢᠳᠠᠯ ᠪᠣᠯᠤᠨ ᠲᠤᠰ ᠰᠠᠯᠠᠭ᠎ᠠ | ᠮᠥᠴᠢᠷ ᠲᠤ ᠬᠤᠯᠪᠣᠭᠳᠠᠭᠰᠠᠨ ᠪᠣᠳᠠᠲᠠᠢ ᠠᠵᠢᠯ ᠤᠨ ᠪᠠᠶᠢᠳᠠᠯ ᠤᠨ ᠲᠤᠬᠠᠢ ᠲᠤᠰ ᠲᠤᠰ ᠬᠠᠷᠢᠭᠤ ᠮᠡᠳᠡᠭᠦᠯᠦᠯᠲᠡ | ᠬᠢᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠦᠷᠦᠯ ᠵᠦᠢᠯ ᠢ ᠠᠬᠢᠭᠤᠯᠤᠨ ᠰᠢᠢᠳᠪᠦᠷᠢᠯᠡᠬᠦ ᠬᠤᠷᠳᠤᠴᠠ ᠶᠢ | ᠦᠷᠭᠦᠯᠵᠢᠯᠡᠨ ᠲᠦᠷᠭᠡᠳᠬᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠡᠵᠡᠮᠳᠡᠵᠦ᠂ ᠠᠵᠢᠯ ᠤᠨ ᠠᠷᠭ᠎ᠠ | ᠬᠡᠮᠵᠢᠶ᠎ᠡ ᠶᠢᠨ ᠰᠢᠨ᠎ᠡ ᠶᠢ ᠡᠭᠦᠳᠴᠦ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠶᠢ ᠦᠨᠡᠨᠬᠦ ᠰᠠᠶᠢᠲᠤᠷ | ᠬᠠᠮᠠᠭᠠᠯᠠᠬᠤ ᠬᠡᠷᠡᠭᠲᠡᠢ᠃ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠵᠡᠷᠭᠡ ᠤᠯᠠᠨ ᠲᠦᠮᠡᠨ ᠤ ᠠᠮᠢᠳᠤᠷᠠᠯ ᠲᠠᠢ | ᠨᠢᠭᠲᠠ ᠬᠤᠯᠪᠣᠭ᠎ᠠ ᠲᠠᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠯᠡᠨ ᠪᠣᠳᠣᠯᠬᠢᠯᠠᠵᠤ᠂ ᠤᠯᠠᠨ ᠲᠦᠮᠡᠨ ᠤ ᠨᠡᠭᠦᠵᠦ ᠣᠷᠣᠬᠤ᠂ ᠠᠮᠤᠷ ᠰᠠᠭᠤᠬᠤ ᠶᠢ ᠪᠠᠲᠤᠯᠠᠬᠤ ᠬᠡᠷᠡᠭᠲᠡᠶ᠃ | ᠡᠯ᠎ᠡ ᠲᠤᠰᠬᠠᠶ ᠠᠩᠭᠢ᠂ ᠰᠠᠯᠠᠭ᠎ᠠ ᠮᠥᠴᠢᠷ ᠤᠳ ᠵᠣᠯᠭᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠬᠠᠷᠢᠭᠤᠴᠠᠬᠤ ᠲᠥᠷᠥᠯ ᠵᠦᠶᠯ ᠳᠤ ᠳᠣᠲᠣᠷ᠎ᠠ ᠪᠠᠨ ᠲᠤᠭ᠎ᠠ ᠲᠠᠢ | ᠪᠠᠶᠢᠬᠤ ᠬᠡᠷᠡᠭᠲᠡᠶ᠃ ᠲᠥᠷᠥᠯ ᠵᠦᠶᠯ ᠤᠨ ᠲᠥᠯᠥᠪᠵᠢᠭᠦᠯᠭᠡ ᠶᠢ ᠬᠢᠨᠠᠨ ᠬᠠᠷᠭᠤᠭᠤᠯᠬᠤ᠂ ᠪᠠᠯᠠ ᠮᠥᠩᠭᠦ ᠶᠢ ᠬᠢᠨᠠᠨ | ᠬᠠᠮᠢᠶᠠᠷᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠷᠢᠯᠭ᠎ᠠ ᠶᠢᠨ ᠠᠵᠢᠯ ᠤᠨ ᠬᠦᠴᠢᠷ ᠠᠰᠠᠭᠤᠳᠠᠯ ᠢ | ᠰᠢᠶᠳᠪᠦᠷᠢᠯᠡᠨ᠂ ᠲᠥᠷᠥᠯ ᠵᠦᠶᠯ ᠤᠨ ᠲᠣᠭᠲᠠᠭᠰᠠᠨ ᠬᠤᠭᠤᠴᠠᠭᠠᠨ ᠳᠤ ᠶᠠᠰᠤ ᠴᠢᠨᠠᠷ ᠢ ᠪᠠᠲᠤᠯᠠᠨ ᠠᠵᠢᠯ | ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤ᠂ ᠵᠡᠭᠡᠯᠢ | ᠭᠤᠳᠤᠮᠵᠢ ᠶᠢᠨ ᠬᠠᠷᠢᠭᠤᠴᠠᠯᠭᠠᠲᠠᠨ ᠬᠠᠷᠢᠭᠤᠴᠠᠯᠭ᠎ᠠ ᠡᠭᠦᠷᠭᠡᠯᠡᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ | ᠰᠢᠢᠳᠪᠦᠷᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ | ᠴᠠᠭ ᠲᠤᠬᠠᠢ ᠳᠤᠨᠢ ᠬᠠᠷᠢᠭᠤᠯᠲᠠ ᠥᠭᠴᠦ᠂ ᠵᠥᠷᠢᠴᠡᠯ ᠢ ᠡᠷᠲᠡ ᠠᠴᠠ ᠨᠢ ᠰᠢᠢᠳᠪᠦᠷᠢᠯᠡᠵᠦ᠂ ᠪᠠᠭ᠎ᠠ ᠠᠴᠠ ᠨᠢ | ᠰᠢᠢᠳᠪᠦᠷᠢᠯᠡᠬᠦ ᠬᠡᠷᠡᠭᠲᠡᠢ᠃ | ᠡᠯ᠎ᠡ ᠲᠣᠭᠤᠷᠢᠭ ᠤᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠵᠢᠷᠤᠭ᠄ ᠴᠢᠶᠤᠤ ᠮᠢᠨ | ᠤᠷᠴᠢᠭᠤᠯᠤᠭᠴᠢ᠄ ᠲᠤᠶᠠᠭ᠎ᠠ | | | |