| | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠠᠤᠯᠢ ᠶᠢᠨ ᠤᠬᠠᠭᠠᠨ ᠤ ᠨᠡᠶᠢᠭᠡᠮᠯᠢᠭ᠂ ᠬᠤᠲᠠ ᠶᠢᠨ | ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ᠂ ᠬᠤᠲᠠ ᠶᠢᠨ ᠳᠡᠭᠡᠳᠦ ᠰᠤᠷᠭᠠᠭᠤᠯᠢ᠂ ᠰᠢᠭᠤᠳ ᠬᠠᠷᠢᠶ᠎ᠠ | ᠲᠤᠰᠬᠠᠢ ᠮᠡᠷᠭᠡᠵᠢᠯ ᠤᠨ ᠰᠤᠳᠤᠯᠭᠠᠨ ᠤ ᠨᠡᠶᠢᠭᠡᠮᠯᠢᠭ ᠵᠢᠴᠢ ᠬᠠᠮᠢᠶ᠎ᠠ ᠪᠦᠬᠦᠢ ᠨᠢᠭᠡᠴᠢ ᠳᠤ᠄ ᠣᠨᠣᠯ ᠤᠨ | ᠰᠤᠳᠤᠯᠭᠠᠨ ᠤ ᠠᠵᠢᠯ ᠢ ᠲᠦᠯᠬᠢᠨ ᠠᠬᠢᠭᠤᠯᠵᠤ᠂ ᠮᠠᠨ ᠤ ᠬᠤᠲᠠ ᠶᠢᠨ ᠬᠠᠤᠯᠢ ᠶᠢᠨ ᠤᠬᠠᠭᠠᠨ ᠤ ᠰᠤᠳᠤᠯᠭᠠᠨ ᠤ | ᠰᠢᠨ᠎ᠡ ᠦᠷ᠎ᠡ ᠪᠦᠲᠦᠭᠡᠯ ᠰᠢᠨ᠎ᠡ ᠦᠷ᠎ᠡ ᠪᠦᠲᠦᠮᠵᠢ ᠶᠢ ᠳᠡᠯᠭᠡᠨ ᠦᠵᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠪᠠ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠬᠠᠤᠯᠢ ᠶᠢᠨ ᠤᠬᠠᠭᠠᠨ ᠤ | ᠨᠡᠶᠢᠭᠡᠮᠯᠢᠭ ᠠᠴᠠ ︽ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠪᠠᠷ ᠭᠤᠣᠯ | ᠰᠡᠳᠦᠪ ᠪᠣᠯᠭᠠᠭᠰᠠᠨ ᠶᠠᠷᠢᠶᠠᠨ ᠤ ᠲᠠᠪᠴᠠᠩ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠪᠣᠶ᠃ | ᠲᠣᠰ ᠤᠳᠠᠭᠠᠨ ᠤ ᠠᠩᠬᠠᠳᠤᠭᠠᠷ ᠬᠤᠭᠤᠴᠠᠭᠠᠨ ᠤ ᠤᠯᠠᠭᠠᠨᠴᠠᠪ ᠬᠤᠲᠠ ᠶᠢᠨ ᠬᠠᠤᠯᠢ ᠪᠠᠷ ᠵᠠᠰᠠᠬᠤ | ᠶᠠᠷᠢᠶᠠᠨ ᠤ ᠲᠠᠪᠴᠠᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ | ᠨᠡᠶᠢᠭᠡᠮᠯᠢᠭ ᠠᠴᠠ ᠵᠢᠯᠤᠭᠤᠳᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ | ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠤᠯᠠᠭᠠᠨᠴᠠᠪ ᠬᠤᠲᠠ ᠶᠢᠨ ᠬᠠᠤᠯᠢ ᠶᠢᠨ | ᠤᠬᠠᠭᠠᠨ ᠤ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠨ᠎ᠡ᠃ ᠲᠤᠰ ᠤᠳᠠᠭᠠᠨ ᠤ ᠶᠠᠷᠢᠶᠠᠨ ᠤ ᠲᠠᠪᠴᠠᠩ ᠢ 2023 | ᠣᠨ ᠤ 11 ᠰᠠᠷ᠎ᠠ ᠶᠢᠨ ᠰᠡᠭᠦᠯᠴᠢ ᠪᠠᠷ ᠡᠷᠭᠢᠯᠡᠬᠦ ᠪᠠᠷ ᠲᠣᠭᠲᠠᠪᠠ᠃ ᠬᠤᠯᠪᠣᠭᠳᠠᠯ ᠪᠦᠬᠦᠢ ᠨᠢᠭᠡᠴᠢ ᠤᠳ ᠨᠠᠷᠢᠨ | ᠬᠢᠨᠠᠮᠠᠭᠠᠢ ᠵᠣᠬᠢᠶᠠᠨ ᠪᠠᠶᠢᠭᠤᠯᠵᠤ᠂ ᠢᠳᠡᠪᠬᠢᠲᠡᠢ ᠣᠷᠣᠯᠴᠠᠬᠤ ᠪᠣᠯᠪᠠᠤ᠃ | ᠤᠳᠤ ᠥᠭᠦᠯᠡᠯ ᠡᠯᠰᠡᠬᠦ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠶᠠᠷᠢᠶᠠᠨ ᠤ ᠲᠠᠪᠴᠠᠩ ᠡᠷᠬᠢᠯᠡᠬᠦ ᠪᠠᠷ ᠳᠠᠮᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷᠴᠤᠳ ᠤᠨ | ᠤᠯᠤᠰ ᠲᠦᠷᠦ ᠶᠢᠨ ᠤᠬᠠᠮᠰᠠᠷ᠂ ᠬᠠᠤᠯᠢᠵᠢᠯ ᠤᠨ ᠤᠬᠠᠮᠰᠠᠷ᠂ ᠵᠣᠷᠢᠯᠲᠠ ᠶᠢᠨ ᠤᠬᠠᠮᠰᠠᠷ᠂ ᠦᠢᠯᠡᠴᠢᠯᠡᠭᠡᠨ ᠤ | ᠤᠬᠠᠮᠰᠠᠷ ᠢ ᠦᠨᠡᠨᠬᠦ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ ᠰᠤᠳᠤᠯᠭᠠᠨ ᠤ ᠦᠷ᠎ᠡ ᠪᠦᠲᠦᠭᠡᠯ ᠢ | ᠪᠦᠷᠢᠯᠳᠦᠭᠦᠯᠵᠦ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ | ᠬᠠᠩᠭᠠᠬᠤ ᠬᠡᠷᠡᠭᠲᠡᠢ᠃ | ᠬᠤᠶᠠᠷ᠂ ᠰᠡᠳᠦᠪ ᠰᠣᠩᠭᠤᠬᠤ ᠵᠢᠯᠣᠭᠤᠳᠤᠮᠵᠢ | ︵ᠨᠢᠭᠡ︶ ᠥᠭᠦᠯᠡᠯ ᠤᠨ ᠭᠤᠣᠯ ᠰᠡᠳᠦᠪ | ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︵ᠬᠤᠶᠠᠷ︶ | ᠦᠬᠦᠯᠡᠯ ᠤᠨ ᠬᠤᠪᠢᠶᠠᠷᠢ ᠰᠡᠳᠦᠪ | 1. ᠤᠯᠠᠭᠠᠨᠴᠠᠪ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠣᠳᠣᠬᠢ ᠪᠠᠶᠢᠳᠠᠯ ᠵᠢᠴᠢ ᠠᠷᠭᠠᠴᠠᠬᠤ | ᠪᠣᠳᠣᠯᠭ᠎ᠠ᠃ | 2. ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ 3. ︽ | ᠫᠦᠵᠢᠶᠠᠩ ᠤᠨ ᠲᠤᠷᠰᠢᠯᠭ᠎ᠠ︾ ᠬᠢᠭᠡᠳ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ᠃ | | 4. ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠬᠢᠭᠡᠳ ᠬᠤᠲᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ᠃ | 5. ᠰᠢᠨ᠎ᠡ ᠴᠠᠭ ᠦᠶ᠎ᠡ ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠤᠯᠢᠵᠢᠯ ᠤᠨ | ᠪᠠᠲᠤᠯᠠᠭ᠎ᠠ᠃ | 6. ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠠᠤᠯᠢᠵᠢᠯ ᠤᠨ ᠪᠣᠳᠣᠯᠬᠢᠯᠠᠯ ᠃ | 7. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠤᠯᠢᠵᠢᠯ ᠤᠨ ᠪᠠᠲᠤᠯᠠᠭ᠎ᠠ᠃ | 8. ᠰᠢ ᠶᠢᠨ ᠫᠢᠩ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | 9. ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠬᠠᠤᠯᠢ ᠪᠠᠷ ᠵᠠᠰᠠᠬᠤ ᠠᠷᠭ᠎ᠠ ᠵᠠᠮ ᠤᠨ | ᠪᠣᠳᠣᠯᠬᠢᠯᠠᠯ᠃ | 10. ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ | ᠡᠷᠬᠡ ᠶᠢ ᠬᠠᠮᠠᠭᠠᠯᠠᠨ᠎ᠠ᠃ | 11. ᠴᠢᠨᠠᠷ ᠰᠠᠶᠢᠲᠠᠢ ᠬᠥᠭᠵᠢᠯᠲᠡ ᠶᠢᠨ ᠬᠠᠤᠯᠢᠵᠢᠯ ᠤᠨ ᠪᠠᠲᠤᠯᠠᠭ᠎ᠠ᠃ | 12. ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ | ᠵᠢᠷᠤᠮᠵᠢᠭᠤᠯᠤᠨ᠎ᠠ᠃ | 13. ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃ | 14. ᠴᠢᠨᠠᠷ ᠰᠠᠶᠢᠲᠠᠢ ᠦᠢᠯᠡᠴᠢᠯᠡᠭᠡ ᠪᠠᠷ ᠲᠡᠷᠢᠭᠦᠨ ᠤ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢ ᠪᠣᠶ ᠪᠣᠯᠭᠠᠨ᠎ᠠ᠃ | 15. ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠮᠳᠠᠬᠢ ᠤᠯᠤᠰ ᠲᠦᠷᠦ | ᠬᠠᠤᠯᠢ ᠴᠠᠭᠠᠵᠠ ᠶᠢᠨ ᠰᠢᠰᠲ᠋ᠧᠮ ᠤᠨ ᠦᠢᠯᠡᠳᠦᠯ ᠢ ᠥᠭᠦᠯᠡᠬᠦ ᠬᠡᠷᠡᠭᠲᠡᠢ᠃ ᠳᠡᠭᠡᠷᠡᠬᠢ ᠰᠡᠳᠦᠪ ᠤᠳ ᠢ ᠭᠠᠷᠭᠠᠪᠠᠯ᠂ | ᠲᠠᠪᠤᠨ ᠶᠡᠭᠡ ᠡᠭᠦᠷᠭᠡ᠂ ᠬᠠᠤᠯᠢ ᠪᠠᠷ ᠵᠠᠰᠠᠬᠤ ᠤᠯᠠᠭᠠᠨᠴᠠᠪ ᠤᠨ ᠪᠠᠶᠢᠭᠤᠯᠤᠯᠲᠠ᠂ ᠬᠤᠲᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠵᠡᠷᠭᠡ ᠲᠠᠯ᠎ᠠ ᠪᠠᠷ ᠭᠤᠣᠯᠯᠠᠭᠤᠯᠤᠨ ᠥᠪᠡᠰᠦᠪᠡᠨ ᠰᠡᠳᠦᠪ | ᠲᠤᠭᠤᠷᠪᠢᠵᠤ ᠪᠣᠯᠣᠨ᠎ᠠ᠃ | ᠭᠤᠷᠪᠠ᠂ ᠡᠬᠡ ᠪᠢᠴᠢᠭ ᠡᠯᠰᠡᠬᠦ ᠱᠠᠭᠠᠷᠳᠠᠯᠭ᠎ᠠ | 1. ᠡᠯ᠎ᠡ ᠨᠢᠭᠡᠴᠢ ᠶᠢᠨ ᠬᠢᠨ ᠡᠯᠰᠡᠬᠦ ᠥᠭᠦᠯᠡᠯ ᠤᠨ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠵᠥᠪ | ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠨ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃ | 2. ᠥᠭᠦᠯᠡᠯ ᠨᠢ ᠰᠢᠨ᠎ᠡ ᠶᠢ ᠡᠭᠦᠳᠬᠦ ᠴᠢᠨᠠᠷ ᠲᠠᠢ ᠪᠠᠶᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ | ᠤᠨᠤᠯ ᠢ ᠦᠢᠯᠡᠳᠦᠯᠭᠡ ᠲᠠᠢ ᠤᠶᠠᠯᠳᠤᠭᠤᠯᠬᠤ ᠬᠡᠷᠡᠭᠲᠡᠢ᠃ | 3. ᠥᠭᠦᠯᠡᠯ ᠤᠨ ᠪᠦᠲᠦᠴᠡ ᠨᠢ ᠪᠦᠷᠢᠨ ᠪᠦᠲᠦᠨ᠂ ᠲᠠᠰ ᠳᠠᠪᠬᠤᠷᠭ᠎ᠠ ᠨᠢ ᠲᠣᠳᠣᠷᠬᠠᠢ᠂ ᠲᠣᠭᠠᠴᠢᠯᠲᠠ ᠨᠢ | ᠣᠨᠣᠪᠴᠢᠲᠠᠶ᠂ ᠵᠣᠬᠢᠶᠠᠯ ᠤᠨ ᠬᠡᠪ ᠨᠠᠮᠪᠠ ᠨᠢ ᠴᠢᠩᠭ᠎ᠠ ᠨᠢᠮᠪᠠᠢ᠂ ᠵᠣᠬᠢᠶᠠᠯ ᠶᠠᠪᠤᠭᠤᠯᠬᠤ ᠨᠢ ᠵᠢᠷᠤᠮᠵᠢᠯ ᠲᠠᠢ᠂ | ᠵᠣᠬᠢᠶᠠᠭᠴᠢ ᠨᠢ ᠳᠡᠪᠰᠢᠭᠦᠯᠦᠭᠰᠡᠨ ᠥᠭᠦᠯᠡᠯ ᠳᠡᠭᠡᠨ ︽ᠡᠷᠳᠡᠮ ᠰᠢᠨᠵᠢᠯᠡᠭᠡᠨ ᠤ ᠲᠥᠪ ᠪᠤᠰᠤ ᠡᠷᠢᠯᠲᠡ︾ ᠬᠢᠵᠦ᠂ ︽ | ᠳᠠᠪᠬᠤᠴᠠᠭᠰᠠᠨ ᠨᠣᠷᠮ᠎ᠠ︾ ᠨᠢ 25% ᠠᠴᠠ ᠳᠣᠷᠣᠭᠰᠢ ᠪᠠᠶᠢᠬᠤ ᠬᠡᠷᠡᠭᠲᠡᠢ᠂ ᠠᠭᠤᠯᠭ᠎ᠠ ᠶᠢ ᠨᠢ ᠨᠢᠭᠤᠴᠠ ᠳᠤ | ᠬᠤᠯᠪᠣᠭᠳᠠᠭᠤᠯᠵᠤ ᠪᠣᠯᠬᠤ ᠦᠭᠡᠢ᠂ ᠵᠣᠬᠢᠶᠠᠯ ᠤᠨ ᠬᠠᠷᠢᠭᠤᠴᠠᠯᠭ᠎ᠠ ᠪᠠᠨ ᠥᠪᠡᠷ ᠢᠶᠠᠨ ᠬᠠᠷᠢᠭᠤᠴᠠᠨ᠎ᠠ᠃ 4. | ᠮᠡᠳᠡᠭᠦᠯᠦᠨ ᠬᠦᠷᠭᠡᠭᠰᠡᠨ ᠥᠭᠦᠯᠡᠯ ᠨᠢ ᠡᠷᠬᠡᠪᠰᠢ ᠶᠠᠮᠠᠷ ᠴᠤ ᠰᠣᠨᠢᠨ᠂ ᠰᠡᠳᠬᠦᠯ᠂ ᠰᠦᠯᠵᠢᠶᠡᠨ ᠤ ᠦᠷᠳᠡᠭᠡ ᠵᠡᠷᠭᠡ | ᠢᠯᠡ ᠵᠠᠭᠤᠴᠢᠯᠠᠭᠤᠷ ᠲᠤ ᠨᠡᠶᠢᠲᠡᠯᠡᠭᠰᠡᠨ ᠦᠭᠡᠢ ᠵᠣᠬᠢᠶᠠᠯ ᠪᠠᠶᠢᠬᠤ ᠬᠡᠷᠡᠭᠲᠡᠢ᠃ | 5. ᠡᠬᠡ ᠪᠢᠴᠢᠭ ᠢ ᠡᠯᠰᠡᠵᠦ ᠳᠠᠭᠤᠰᠬᠤ ᠡᠳᠦᠷ ᠬᠤᠭᠤᠴᠠᠭ᠎ᠠ ᠨᠢ 2023 ᠣᠨ ᠤ 10 ᠰᠠᠷ᠎ᠠ ᠶᠢᠨ 31 ᠤ | ᠡᠳᠦᠷ ᠪᠣᠯᠣᠨ᠎ᠠ᠃ | 6. ᠥᠭᠦᠯᠡᠯ ᠤᠨ ᠰᠲ᠋ᠢᠯᠢ᠄ ︵1︶ ᠥᠭᠦᠯᠡᠯ ᠪᠦᠷᠢ ᠶᠢᠨ ᠦᠰᠦᠭ ᠤᠨ ᠲᠤᠭ᠎ᠠ ᠶᠢ 5000 ᠦᠰᠦᠭ ᠠᠴᠠ | ᠴᠦᠬᠡᠨ ᠪᠠᠶᠢᠯᠭᠠᠵᠤ ᠪᠣᠯᠬᠤ ᠦᠭᠡᠢ᠃ ︵2︶ ᠥᠭᠦᠯᠡᠯ ᠤᠨ ᠡᠬᠢᠨ ᠤ ᠨᠢᠭᠤᠷ ᠤᠨ ᠵᠡᠭᠦᠨ ᠳᠡᠭᠡᠷ᠎ᠡ ᠥᠨᠴᠥᠭ ᠲᠤ᠂ | ︽ᠤᠯᠠᠭᠠᠨᠴᠠᠪ ᠤᠨ ᠠᠩᠬᠠᠳᠤᠭᠠᠷ ᠬᠤᠭᠤᠴᠠᠭᠠᠨ ᠤ ᠬᠠᠤᠯᠢ ᠪᠠᠷ ᠵᠠᠰᠠᠬᠤ ᠶᠠᠷᠢᠶᠠᠨ ᠤ ᠲᠠᠪᠴᠠᠩ︾ ᠭᠡᠰᠡᠨ | ᠥᠰᠥᠭ ᠢ ᠲᠣᠳᠣᠷᠬᠠᠶᠢᠯᠠᠭᠠᠷᠠᠢ᠃ ᠡᠬᠢᠨ ᠤ ᠨᠢᠭᠤᠷ ᠤᠨ ᠵᠠᠬ᠎ᠠ ᠶᠢᠨ ᠲᠠᠶᠢᠯᠪᠤᠷᠢ ᠳᠤ ᠣᠪᠣᠭ ᠨᠡᠷ᠎ᠡ᠂ ᠨᠢᠭᠡᠴᠢ᠂ | ᠮᠡᠷᠭᠡᠵᠢᠯ ᠤᠨ ᠴᠣᠯᠠ᠂ ᠭᠠᠷ ᠤᠲᠠᠰᠤᠨ ᠤ ᠨᠣᠮᠧᠷ᠂ ᠵᠠᠬᠢᠳᠠᠯ ᠨᠡᠪᠲᠡᠷᠡᠬᠦ ᠬᠠᠶ᠋ᠢᠭ᠂ ᠰᠢᠤᠳᠠᠨ ᠳ᠋ᠤᠭᠠᠷ ᠵᠢᠴᠢ ᠢᠮᠧᠯ | ᠬᠠᠶ᠋ᠢᠭ ᠢ ᠲᠣᠳᠣᠷᠬᠠᠢ ᠪᠢᠴᠢᠬᠦ ᠬᠡᠷᠡᠭᠲᠡᠢ᠃ ︵3︶ ᠭᠤᠣᠯ ᠵᠣᠬᠢᠶᠠᠯ ᠳᠤ Word ᠲᠣᠪᠬᠢᠮᠠᠯ ᠢ ᠬᠡᠷᠡᠭᠯᠡᠵᠦ᠂ | ᠭᠤᠣᠯ ᠵᠣᠬᠢᠶᠠᠯ ᠤᠨ ᠡᠮᠦᠨ᠎ᠡ 300 ᠣᠷᠴᠢᠮ ᠦᠰᠦᠭ ᠤᠨ ︽ᠠᠭᠤᠯᠭ᠎ᠠ ᠶᠢᠨ ᠲᠣᠪᠴᠢ︾ ᠪᠠ 3-5 ︽ | ᠵᠠᠩᠭᠢᠯᠠᠭ᠎ᠠ ᠶᠢᠨ ᠦᠭᠡ︾ ᠶᠢ ᠳᠠᠭᠠᠯᠳᠤᠭᠤᠯᠪᠠ᠃ ᠵᠣᠬᠢᠶᠠᠯ ᠤᠨ ᠭᠠᠷᠴᠠᠭ ᠢ ᠨᠢ ᠰᠥᠩ ᠲᠢᠭ ᠤᠨ ᠬᠤᠶᠠᠳᠤᠭᠠᠷ | ᠨᠣᠮᠧᠷᠳᠦ ᠬᠠᠷ᠎ᠠ ᠦᠰᠦᠯ ᠢᠶᠠᠷ ᠪᠢᠴᠢᠵᠦ᠂ ᠭᠤᠣᠯ ᠵᠣᠬᠢᠶᠠᠯ ᠢ ᠨᠢ ᠰᠥᠩ ᠲᠢᠭ ᠤᠨ ᠳᠥᠷᠪᠡᠳᠦᠭᠡᠷ ᠪᠠᠭ᠎ᠠ | ᠨᠣᠮᠧᠷ ᠢᠶᠠᠷ ᠪᠢᠴᠢᠵᠦ᠂ ᠲᠠᠶᠢᠯᠪᠤᠷᠢ ᠶᠢ ᠨᠢ ᠰᠥᠩ ᠲᠢᠭ ᠤᠨ ᠲᠠᠪᠤᠳᠤᠭᠠᠷ ᠨᠣᠮᠧᠷᠳᠦ ᠪᠠᠷ ᠪᠢᠴᠢᠵᠡᠢ᠃ | ᠲᠠᠶᠢᠯᠪᠤᠷᠢ ᠳᠤ ᠵᠠᠬ᠎ᠠ ᠶᠢᠨ ᠲᠠᠶᠢᠯᠪᠤᠷᠢ ①᠂ ②᠂ ③ ᠁ ᠶᠢ ᠬᠡᠷᠡᠭᠯᠡᠨ᠎ᠡ︾᠂ ᠪᠦᠬᠦ ᠵᠣᠬᠢᠶᠠᠯ ᠳᠤ | ᠵᠠᠯᠭᠠᠪᠡᠷ ᠺᠣᠳ᠋ ᠬᠠᠳᠠᠨ᠎ᠠ᠃ ᠵᠣᠬᠢᠶᠠᠯ ᠤᠨ ᠳᠣᠲᠣᠷᠠᠬᠢ ᠭᠠᠷᠴᠠᠭ ᠢ ︽ ᠨᠢᠭᠡ᠂ ︵ᠨᠢᠭᠡ︶ 1᠂ ︵ᠨᠢᠭᠡ︶ ᠁ | ︾ ᠭᠡᠬᠦ ᠳᠦᠷᠢᠮ ᠢᠶᠠᠷ ᠵᠢᠭᠰᠠᠭᠠᠵᠤ᠂ ︽ᠨᠢᠭᠡ᠂ ︵ᠨᠢᠭᠡ︶︾ ᠭᠡᠬᠦ ᠭᠠᠷᠴᠠᠭ ᠢ ᠨᠢ ᠲᠤᠰ ᠲᠤᠰ ᠬᠠᠷ᠎ᠠ ᠲᠢᠭ ᠤᠨ | ᠳᠥᠷᠪᠡᠳᠦᠭᠡᠷ ᠨᠣᠮᠧᠷ ᠢᠶᠠᠷ᠂ ᠬᠠᠷ᠎ᠠ ᠦᠰᠦᠭ ᠤᠨ ᠳᠥᠷᠪᠡᠳᠦᠭᠡᠷ ᠨᠣᠮᠧᠷ ᠢᠶᠠᠷ ᠪᠢᠴᠢᠨ᠎ᠡ᠃ ᠯᠠᠪᠯᠠᠯᠲᠠ ᠶᠢᠨ | ᠰᠤᠷᠪᠤᠯᠵᠢ ᠪᠢᠴᠢᠭ ᠢ ᠵᠣᠬᠢᠶᠠᠯ ᠤᠨ ᠲᠡᠭᠦᠰᠬᠡᠯ ᠳᠤ ᠲᠠᠯᠪᠢᠵᠤ᠂ ﹇1﹈᠂ ﹇2﹈᠂ ﹇3﹈ ᠁ ᠁ ᠢᠶᠠᠷ | ᠵᠡᠭᠦᠯᠲᠡ ᠬᠠᠳᠠᠨ᠎ᠠ᠃ ︵4︶ ᠬᠡᠷᠪᠡ ᠱᠠᠩᠨᠠᠯ ᠣᠯᠣᠭᠰᠠᠨ ᠦᠬᠦᠯᠡᠯ ᠢ ᠬᠤᠲᠠ ᠶᠢᠨ ᠬᠠᠤᠯᠢ ᠶᠢᠨ ᠤᠬᠠᠭᠠᠨ ᠤ | ᠨᠡᠶᠢᠭᠡᠮᠯᠢᠭ ᠠᠴᠠ ᠡᠮᠬᠢᠳᠬᠡᠨ ᠬᠡᠪᠯᠡᠭᠦᠯᠬᠦ ᠶᠢ ᠵᠥᠪᠰᠢᠶᠡᠷᠡᠬᠦ ᠦᠭᠡᠢ ᠪᠣᠯ᠂ ᠲᠦᠷᠦᠭᠦᠦ ᠨᠢᠭᠤᠷ ᠤᠨ ᠪᠠᠷᠠᠭᠤᠨ | ᠳᠡᠭᠡᠷ᠎ᠡ ᠲᠠᠯ᠎ᠠ ᠳᠤ ︽ ᠢᠯᠡ ᠪᠠᠷ ᠬᠡᠪᠯᠡᠭᠦᠯᠬᠦ ᠦᠭᠡᠢ︾ ᠭᠡᠵᠦ ᠲᠣᠳᠣᠷᠬᠠᠢ ᠬᠠᠳᠠᠬᠤ ᠬᠡᠷᠡᠭᠲᠡᠢ᠂ ᠡᠰᠡ ᠲᠡᠭᠡᠪᠡᠯ | ᠵᠥᠪᠰᠢᠶᠡᠷᠡᠭᠰᠡᠨ ᠢᠶᠠᠷ ᠪᠤᠳᠤᠨ᠎ᠠ᠃ ︵5︶ ᠪᠢᠴᠢᠭᠯᠡᠯ ᠢ ︽ᠤᠯᠠᠭᠠᠨᠴᠠᠪ ᠤᠨ ᠠᠩᠬᠠᠳᠤᠭᠠᠷ ᠬᠤᠭᠤᠴᠠᠭᠠᠨ ᠤ | ᠬᠠᠤᠯᠢ ᠪᠠᠷ ᠵᠠᠰᠠᠬᠤ ᠶᠠᠷᠢᠶᠠᠨ ᠤ ᠲᠠᠪᠴᠠᠩ + ᠬᠤᠪᠢᠶᠠᠷᠢ ᠥᠭᠦᠯᠡᠯ ᠤᠨ ᠰᠡᠳᠦᠪ + ᠵᠣᠬᠢᠶᠠᠭᠴᠢ ᠶᠢᠨ ᠣᠪᠣᠭ | ᠨᠡᠷ᠎ᠡ + ᠥᠭᠦᠯᠡᠯ ᠤᠨ ᠭᠠᠷᠴᠠᠭ︾ ᠭᠡᠵᠦ ᠨᠡᠷᠡᠶᠢᠳᠦᠨ᠎ᠡ᠂ ᠥᠭᠦᠯᠡᠯ ᠤᠨ ᠭᠤᠣᠯ ᠠᠭᠤᠯᠭ᠎ᠠ ᠳᠤ ᠵᠣᠬᠢᠶᠠᠭᠴᠢ ᠶᠢᠨ | ᠲᠣᠰ ᠬᠥᠮᠥᠨ ᠤ ᠮᠡᠳᠡᠭᠡ ᠵᠠᠩᠭᠢ ᠢᠯᠡᠷᠡᠬᠦ ᠦᠭᠡᠢ᠃ 7. ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠬᠠᠤᠯᠢ ᠶᠢᠨ ᠤᠬᠠᠭᠠᠨ ᠤ ᠨᠡᠶᠢᠭᠡᠮᠯᠢᠭ᠂ ᠬᠤᠲᠠ ᠶᠢᠨ ᠬᠠᠮᠢᠶ᠎ᠠ ᠪᠦᠬᠦᠢ ᠨᠢᠭᠡᠴᠢ ᠤᠳ ᠲᠣᠰ ᠭᠠᠵᠠᠷ ᠣᠷᠣᠨ᠂ ᠲᠣᠰ | ᠨᠢᠭᠡᠴᠢ ᠶᠢᠨ ᠢᠶᠠᠨ ᠥᠭᠦᠯᠡᠯ ᠢ ᠨᠢᠭᠡᠳᠦᠯᠲᠡᠢ ᠬᠤᠷᠢᠶᠠᠩᠭᠤᠶᠢᠯᠠᠬᠤ ᠶᠢᠨ ᠬᠠᠮᠲᠤ᠂ ︽ᠠᠩᠬᠠᠳᠤᠭᠠᠷ ᠬᠤᠭᠤᠴᠠᠭᠠᠨ ᠤ | ᠤᠯᠠᠭᠠᠨᠴᠠᠪ ᠤᠨ ᠬᠠᠤᠯᠢ ᠪᠠᠷ ᠵᠠᠰᠠᠬᠤ ᠶᠠᠷᠢᠶᠠᠨ ᠤ ᠲᠠᠪᠴᠠᠩ ᠤᠨ ᠡᠬᠡ ᠪᠢᠴᠢᠭ ᠡᠯᠰᠡᠬᠦ ᠬᠤᠷᠢᠶᠠᠩᠭᠤᠢ | ᠬᠦᠰᠦᠨᠦᠭᠲᠦ︾ ᠶᠢ ᠲᠠᠭᠯᠠᠵᠤ᠂ ᠢᠮᠧᠯ ᠤᠨ ᠬᠡᠯᠪᠡᠷᠢ ᠪᠠᠷ ᠶᠠᠪᠤᠭᠤᠯᠤᠭᠠᠷᠠᠢ᠂ ᠬᠠᠶ᠋ᠢᠭ᠄ wlcbfxh@163. | com ︵︽ᠤᠯᠠᠭᠠᠨᠴᠠᠪ ᠤᠨ ᠬᠠᠤᠯᠢ ᠶᠢᠨ ᠤᠬᠠᠭᠠᠨ ᠤ ᠨᠡᠶᠢᠭᠡᠮᠯᠢᠭ︾ ᠤᠨ ᠬᠢᠲᠠᠳ ᠬᠡᠯᠡᠨ ᠤ ᠠᠪᠢᠶ᠎ᠠ | ᠳᠡᠮᠳᠡᠭᠯᠡᠯ ᠤᠨ ᠡᠬᠢᠨ ᠤ ᠦᠰᠦᠭ︶᠃ | ᠳᠥᠷᠪᠡ᠂ ᠡᠷᠭᠢᠯᠡᠬᠦ ᠠᠷᠭ᠎ᠠ ᠮᠠᠶ᠋ᠢᠭ ᠪᠣᠳᠠᠲᠠᠢ ᠴᠠᠭ᠂ ᠭᠠᠵᠠᠷ ᠢ ᠳᠠᠬᠢᠨ ᠠᠰ ᠲᠤ ᠨᠢ ᠮᠡᠳᠡᠭᠳᠡᠨ᠎ᠡ᠃ | ᠲᠠᠪᠤ᠂ ᠬᠢᠨᠠᠨ ᠲᠣᠭᠲᠠᠭᠠᠬᠤ ᠪᠠ ᠱᠠᠩᠨᠠᠯ ᠲᠣᠭᠲᠠᠭᠠᠬᠤ ᠬᠢᠨᠠᠨ ᠲᠣᠭᠲᠠᠭᠠᠬᠤ ᠳᠤᠭᠤᠶᠢᠯᠠᠩ᠄ ᠬᠤᠲᠠ ᠶᠢᠨ ᠨᠠᠮ ᠤᠨ | ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ | ᠴᠠᠭᠠᠵᠠ ᠶᠢᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠵᠢᠨᠢᠩ ᠪᠠᠭᠰᠢ ᠶᠢᠨ | ᠳᠡᠭᠡᠳᠦ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠲᠤᠰᠬᠠᠢ ᠮᠡᠷᠭᠡᠵᠢᠯᠲᠡᠨ ᠬᠠᠮᠲᠤ ᠪᠠᠷ ᠬᠢᠨᠠᠨ ᠲᠣᠭᠲᠠᠭᠠᠬᠤ | ᠳᠤᠭᠤᠶᠢᠯᠠᠩ ᠪᠠᠶᠢᠭᠤᠯᠵᠤ ᠥᠭᠦᠯᠡᠯ ᠢ ᠬᠢᠨᠠᠨ ᠲᠣᠭᠲᠠᠭᠠᠨ᠎ᠠ᠃ ᠰᠢᠯᠭᠠᠷᠠᠭᠤᠯᠬᠤ ᠣᠷᠣᠨ ᠲᠤᠭ᠎ᠠ᠄ ︽ᠳᠤᠮᠳᠠᠳᠤ | ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠵᠣᠬᠢᠶᠠᠯ ᠡᠯᠰᠡᠵᠦ ᠱᠠᠩᠨᠠᠬᠤ ᠠᠷᠭ᠎ᠠ︾ ᠶᠢ ᠦᠨᠳᠦᠰᠦᠯᠡᠨ᠂ | ᠡᠷᠬᠡ ᠲᠡᠭᠰᠢ᠂ ᠢᠯᠡ ᠲᠣᠳᠣ᠂ ᠲᠥᠪ ᠭᠤᠥᠯᠴᠢ ᠪᠠᠶᠢᠬᠤ ᠵᠠᠷᠴᠢᠮ ᠢ ᠪᠠᠷᠢᠮᠲᠠᠯᠠᠨ᠂ ᠨᠡᠷ᠎ᠡ ᠪᠤᠷᠤᠭᠤᠯᠠᠵᠤ ᠬᠢᠨᠠᠨ | ᠲᠣᠭᠲᠠᠭᠠᠬᠤ ᠶᠢ ᠬᠡᠷᠡᠭᠵᠢᠭᠦᠯᠵᠦ᠂ ᠨᠢᠭᠡᠳᠦᠭᠡᠷ ᠳᠡᠰ ᠤᠨ ᠱᠠᠩᠨᠠᠯ ᠳᠤ 1 ᠨᠡᠷ᠎ᠡ᠂ ᠬᠤᠶᠠᠳᠤᠭᠠᠷ ᠳᠡᠰ ᠤᠨ | ᠱᠠᠩᠨᠠᠯ ᠳᠤ 3 ᠨᠡᠷ᠎ᠡ᠂ ᠭᠤᠷᠪᠠᠳᠤᠭᠠᠷ ᠳᠡᠰ ᠤᠨ ᠱᠠᠩᠨᠠᠯ ᠳᠤ 5 ᠨᠡᠷ᠎ᠡ ᠵᠢᠴᠢ ᠰᠢᠯᠢᠳᠡᠭ ᠵᠣᠬᠢᠶᠠᠨ | ᠪᠠᠶᠢᠭᠤᠯᠤᠯᠲᠠ ᠶᠢᠨ ᠱᠠᠩᠨᠠᠯ ᠳᠤ ᠬᠡᠳᠦᠨ ᠨᠡᠷᠡᠰ ᠰᠢᠯᠭᠠᠷᠠᠭᠤᠯᠤᠨ ᠭᠠᠷᠭᠠᠨ᠎ᠠ᠃ ᠴᠢᠬᠤᠯᠠ ᠶᠡᠭᠡ ᠣᠨᠣᠯ ᠤᠨ ᠪᠠ | ᠦᠢᠯᠡᠳᠦᠯᠭᠡ ᠶᠢᠨ ᠦᠨ᠎ᠡ ᠥᠷᠲᠡᠭ ᠲᠠᠢ ᠪᠠᠶᠢᠪᠠᠯ᠂ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠠᠴᠠ | ᠳᠡᠭᠡᠭᠰᠢ ᠮᠡᠳᠡᠭᠦᠯᠵᠦ᠂ ︽ᠳᠤᠮᠳᠠᠳᠤ ᠤᠯᠤᠰ ᠤᠨ ᠬᠠᠤᠯᠢ ᠶᠢᠨ ᠤᠬᠠᠭᠠᠨ︾ ︽ᠠᠷᠠᠳᠴᠢᠯᠠᠯ ᠬᠢᠭᠡᠳ ᠬᠠᠤᠯᠢ | ᠳᠦᠷᠢᠮ︾ ᠳᠤ ᠲᠠᠨᠢᠯᠴᠠᠭᠤᠯᠤᠨ ᠨᠡᠶᠢᠲᠡᠯᠡᠨ᠎ᠡ᠃ | ᠬᠠᠷᠢᠯᠴᠠᠬᠤ ᠬᠥᠮᠥᠨ᠄ ᠰᠢᠦᠢ ᠫᠧᠩ | ᠬᠠᠷᠢᠯᠴᠠᠬᠤ ᠤᠲᠠᠰᠤ᠄ 0474-83205081᠂ 3704741622 ᠳᠠᠭᠠᠯᠳᠤᠭᠤᠯᠤᠯ᠄ | ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠬᠠᠤᠯᠢ ᠪᠠᠷ ᠵᠠᠰᠠᠬᠤ ᠶᠠᠷᠢᠶᠠᠨ ᠤ ᠲᠠᠪᠴᠠᠩ ᠤᠨ ᠡᠬᠡ ᠪᠢᠴᠢᠭ | ᠡᠯᠰᠡᠬᠦ ᠬᠤᠷᠢᠶᠠᠩᠭᠤᠢ ᠬᠦᠰᠦᠨᠦᠭᠲᠦ ᠤᠯᠠᠭᠠᠨᠴᠠᠪ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ 2023 | ᠣᠨ ᠤ 7 ᠰᠠᠷ᠎ᠠ ᠶᠢᠨ 5 ᠬᠠᠭᠤᠯᠤᠮᠠᠯ ᠰᠣᠨᠢᠨ᠄ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ | ᠨᠡᠶᠢᠭᠡᠮᠯᠢᠭ ᠬᠠᠭᠤᠯᠤᠨ ᠬᠦᠷᠭᠡᠬᠦ᠄ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠳᠠᠷᠤᠭ᠎ᠠ᠂ ᠳᠡᠳ᠋ | ᠳᠠᠷᠤᠭ᠎ᠠ | ᠳᠠᠭᠠᠯᠳᠤᠭᠤᠯᠤᠯ᠄ ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠬᠠᠤᠯᠢ ᠪᠠᠷ ᠵᠠᠰᠠᠬᠤ ᠶᠠᠷᠢᠶᠠᠨ ᠤ ᠲᠠᠪᠴᠠᠩ ᠤᠨ | ᠡᠬᠡ ᠪᠢᠴᠢᠭ ᠡᠯᠰᠡᠬᠦ ᠬᠤᠷᠢᠶᠠᠩᠭᠤᠢ ᠬᠦᠰᠦᠨᠦᠭᠲᠦ ᠲᠠᠭᠯᠠᠨ ᠮᠡᠳᠡᠭᠦᠯᠦᠭᠰᠡᠨ ᠨᠢᠭᠡᠴᠢ᠄ ᠳ᠋ᠤᠭᠠᠷᠯᠠᠯ᠂ | ᠵᠣᠬᠢᠶᠠᠭᠴᠢ ᠶᠢᠨ ᠣᠪᠣᠭ ᠨᠡᠷ᠎ᠡ᠂ ᠭᠠᠷᠴᠠᠭ᠂ ᠦᠰᠦᠭ ᠤᠨ ᠲᠤᠭ᠎ᠠ᠂ ᠲᠤᠰᠢᠶᠠᠯ᠂ ᠭᠠᠷ ᠤᠲᠠᠰᠤᠨ ᠤ ᠨᠣᠮᠧᠷ᠂ | ᠢᠮᠧᠯ ᠤᠨ ᠬᠠᠶ᠋ᠢᠭ | |