ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2023/7/18
      7 ᠰᠠᠷ᠎ᠠ ᠶᠢᠨ 17᠎ ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃     ᠬᠤᠷᠠᠯ ᠠᠴᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠵᠠᠳᠠᠯᠬᠤ ᠶᠢᠨ ᠬᠠᠮᠲᠤ ᠤᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠠᠶᠢᠳᠠᠯ ᠢ ᠲᠣᠳᠣᠷᠬᠠᠶ ᠲᠠᠨᠢᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠣᠨᠣᠪᠴᠢᠲᠠᠶ ᠡᠵᠡᠮᠰᠢᠵᠦ᠂ ᠦᠨᠡᠨ ᠬᠦ ᠴᠢᠩᠭᠠᠳᠬᠠᠬᠤ ᠬᠡᠷᠡᠭᠲᠡᠶ᠃ ᠭᠤᠣᠯᠳᠠᠯᠭ᠎ᠠ ᠶᠢ ᠳᠤᠪᠤᠶᠢᠯᠭᠠᠵᠤ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠢᠨᠠᠮᠠᠭᠠᠢ ᠪᠠᠶᠢᠴᠠᠭᠠᠨ ᠡᠮᠬᠢᠯᠡᠵᠦ᠂ ᠡᠬᠡ ᠳᠠᠩᠰᠠ ᠪᠠᠶᠢᠭᠤᠯᠵᠤ᠂ ᠨᠠᠷᠢᠨ ᠳᠠᠩᠰᠠ ᠭᠠᠷᠭᠠᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ︽ᠪᠠᠶᠢᠳᠠᠯ ᠢ ᠲᠣᠳᠣᠷᠬᠠᠶᠢᠯᠠᠵᠤ᠂ ᠰᠠᠭᠤᠷᠢ ᠲᠤᠭ᠎ᠠ ᠶᠢ ᠲᠣᠳᠣᠷᠬᠠᠶᠢᠯᠠᠵᠤ᠂ ᠪᠠᠶᠢᠳᠠᠯ ᠢ ᠣᠶᠢᠯᠠᠭᠠᠬᠤ︾᠎ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠢᠩᠭ᠎ᠠ ᠱᠠᠭᠠᠷᠳᠠᠨ ᠬᠠᠷᠢᠭᠤᠴᠠᠯᠭ᠎ᠠ ᠨᠡᠬᠡᠮᠵᠢᠯᠡᠵᠦ᠂ ︽ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠱᠠᠳᠤ ᠬᠤᠪᠢᠶᠠᠨ ᠬᠠᠷᠢᠭᠤᠴᠠᠬᠤ︾᠂ ︽ᠬᠡᠨ ᠡᠷᠬᠢᠯᠡᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠴᠢᠩᠭ᠎ᠠ ᠵᠢᠷᠤᠮᠯᠠᠨ ᠂ ᠰᠤᠷᠪᠤᠯᠵᠢᠯᠠᠭ᠎ᠠ ᠶᠢ ᠲᠦᠷᠦᠭᠦᠯᠡᠨ ᠬᠦᠯᠢᠶᠡᠨ ᠠᠪᠴᠤ᠂ ᠬᠡᠷᠡᠭ ᠢ ᠲᠦᠷᠦᠭᠦᠯᠡᠨ ᠳᠠᠭᠠᠭᠠᠴᠢᠯᠠᠵᠤ᠂ ᠲᠤᠰ ᠬᠦᠷᠢᠶ᠎ᠡ ᠂ ᠲᠤᠰ ᠰᠠᠯᠠᠭ᠎ᠠ ᠮᠥᠴᠢᠷ ᠤᠨ ᠢᠶᠠᠨ ᠬᠦᠨᠳᠦ ᠪᠡᠷᠬᠡ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠡᠶ᠎ᠡ ᠪᠠᠷ ᠢᠶᠠᠨ ᠵᠣᠬᠢᠴᠠᠭᠤᠯᠤᠨ ᠰᠢᠶᠳᠪᠦᠷᠢᠯᠡᠵᠦ᠂ ᠬᠡᠷᠡᠭ ᠢ ᠰᠢᠶᠳᠪᠦᠷᠢᠯᠡᠭᠰᠡᠨ ᠵᠡᠷᠭᠡ ᠪᠠᠶᠢᠳᠠᠯ ᠢ ᠮᠥᠷᠳᠡᠨ ᠰᠢᠪᠠᠳᠠᠨ ᠰᠢᠶᠳᠪᠦᠷᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠦᠨᠡᠨ ᠬᠦ ᠦᠨᠳᠦᠰᠦᠨ ᠱᠠᠲᠤᠨ ᠳᠤ ᠰᠢᠶᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠶᠳᠪᠦᠷᠢᠯᠡᠨ᠎ᠡ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠴᠠᠭ ᠬᠢᠵᠠᠭᠠᠷᠯᠠᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠭᠤᠮᠣᠳᠠᠯ ᠱᠠᠭᠠᠷᠳᠠᠯᠭ᠎ᠠ ᠶᠢ ᠨᠢᠭᠤᠷᠳᠠᠨ ᠰᠣᠨᠣᠰᠴᠤ᠂ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ᠂ ᠣᠨᠴᠠᠭᠠᠶᠢᠯᠠᠨ ᠰᠢᠢᠳᠪᠦᠷᠢᠯᠡᠵᠦ ᠳᠡᠶᠢᠯᠬᠦ ᠶᠢ ᠨᠢ ᠲᠡᠷᠡ ᠳᠠᠷᠤᠢ ᠳᠤᠨᠢ ᠰᠢᠢᠳᠪᠦᠷᠢᠯᠡᠵᠦ᠂ ᠪᠣᠳᠠᠲᠠᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ ᠬᠡᠷᠡᠭᠲᠡᠢ ᠃ ᠲᠡᠷᠡ ᠳᠠᠷᠤᠶ ᠳᠤᠨᠢ ᠰᠢᠶᠳᠪᠦᠷᠢᠯᠡᠵᠦ ᠳᠡᠶᠢᠯᠬᠦ ᠦᠭᠡᠶ ᠠᠰᠠᠭᠤᠳᠠᠯ ᠢ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠬᠢᠵᠠᠭᠠᠷᠯᠠᠨ᠂ ᠮᠥᠷᠳᠡᠨ ᠰᠢᠪᠠᠳᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠨᠢᠭᠡᠪᠦᠷᠢ ᠶᠢ ᠦᠨᠡᠨ ᠪᠣᠳᠠᠲᠠᠶ ᠰᠠᠶᠢᠲᠤᠷ ᠰᠢᠶᠳᠪᠦᠷᠢᠯᠡᠵᠦ᠂ ᠣᠯᠠᠨ ᠲᠦᠮᠡᠨ ᠤ ᠵᠥᠪᠰᠢᠶᠡᠷᠡᠯ ᠢ ᠦᠨᠡᠨ ᠬᠦ ᠤᠯᠬᠤ ᠶᠢ ᠪᠠᠲᠤᠯᠠᠬᠤ ᠬᠡᠷᠡᠭᠲᠡᠶ᠃     ᠳ᠋ᠧᠦ ᠲᠤᠤ ᠷᠠᠨ᠂ ᠸᠠᠩ ᠯᠢ ᠰᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                        ᠵᠢᠷᠤᠭ᠄ ᠴᠢᠶᠤᠤ ᠮᠢᠨ                        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2