ᠵᠠᠩ ᠶᠦᠩ ᠸᠧᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/19
705470.jpg
    7 ᠰᠠᠷ᠎ᠠ ᠶᠢᠨ 18᠎ ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃   ᠵᠠᠩ ᠶᠦᠩ ᠸᠧᠨ ᠤᠶᠤᠨᠲᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ᠂  ᠭᠦᠸᠧ ᠮᠧᠩ ᠨᠦᠩ ᠣᠨᠴᠠᠭᠠᠢ ᠢᠳᠡᠭᠡᠨ᠂ ᠱᠧᠩ ᠺᠠᠩ ᠡᠮ ᠡᠮᠨᠡᠯᠭᠡ᠂ ᠰᠢᠶᠤᠤ ᠳ᠋ᠦᠩ ᠲᠠᠨ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ  ᠬᠦᠷᠴᠦ᠂  ᠶᠠᠪᠤᠬᠤ ᠶᠢᠨ ᠳᠠᠭᠠᠤ ᠦᠵᠡᠵᠦ ᠲᠦᠷᠦᠯ ᠵᠦᠢᠯ ᠤᠨ ᠠᠬᠢᠴᠠ᠂ ᠪᠠᠷᠢᠯᠭ᠎ᠠ ᠶᠢᠨ ᠠᠵᠢᠯ ᠤᠨ ᠲᠤᠬᠢᠷᠠᠭᠤᠯᠤᠯᠳᠠ᠂ ᠰᠡᠭᠦᠯᠴᠢ ᠶᠢᠨ ᠬᠤᠭᠤᠴᠠᠭᠠᠨ ᠤ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠲᠤᠬᠠᠢ ᠶᠢᠨ ᠲᠠᠯᠠᠪᠠᠢ ᠳᠤ  ᠰᠢᠢᠳᠪᠦᠷᠢᠯᠡᠪᠡ᠃    ᠵᠠᠩ ᠶᠦᠩ ᠸᠧᠨ  ᠴᠢᠬᠤᠯᠠᠴᠢᠯᠠᠭᠰᠠᠨ ᠨᠢ᠂ ᠡᠯ᠎ᠡ ᠠᠵᠤ ᠠᠬᠤᠶᠢᠯᠠᠯ ᠲᠣᠭᠲᠠᠭᠰᠠᠨ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ᠂ ᠠᠬᠢᠭᠤᠯᠬᠤ ᠴᠠᠭ ᠤᠨ ᠬᠦᠰᠦᠨᠦᠭᠲᠦ ᠪᠣᠯᠤᠨ ᠡᠭᠦᠷᠭᠡ ᠶᠢᠨ ᠨᠠᠷᠢᠨ ᠲᠠᠩᠰᠠ ᠶᠢ ᠨᠠᠷᠢᠯᠢᠬᠵᠢᠭᠤᠯᠵᠤ ᠂ ᠪᠠᠷᠢᠯᠭ᠎ᠠ ᠶᠢᠨ ᠬᠤᠭᠤᠴᠠᠭ᠎ᠠ ᠶᠢ ᠪᠠᠶᠢᠷᠢᠯᠠᠭᠤᠯᠵᠤ᠂ ᠣᠳᠣᠬᠠᠨ ᠤ ᠪᠠᠷᠢᠯᠭ᠎ᠠ ᠶᠢᠨ ᠰᠢᠵᠢᠷ ᠠᠯᠳᠠᠨ ᠴᠠᠭ ᠬᠤᠭᠤᠴᠠᠭ᠎ᠠ ᠶᠢ ᠠᠮᠵᠢᠨ ᠠᠳᠬᠤᠵᠤ᠂ ᠲᠦᠷᠦᠯ ᠵᠦᠢᠯ ᠤᠨ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠪᠠᠷᠢᠬᠤ ᠶᠠᠪᠤᠴᠠ ᠶᠢ ᠵᠢᠷᠤᠮᠵᠢᠭᠤᠯᠵᠤ᠂ ᠪᠠᠷᠢᠯᠭ᠎ᠠ ᠪᠠᠷᠢᠬᠤ ᠪᠠᠷᠢᠮᠵᠢᠶ᠎ᠠ ᠶᠢ ᠴᠢᠩᠳᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠦᠶᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠷᠢᠳᠴᠢᠯᠠᠨ ᠦᠶᠯᠡᠴᠢᠯᠡᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠥᠷᠥᠯ ᠵᠦᠶᠯ ᠢ ᠠᠬᠢᠭᠤᠯᠬᠤ ᠳᠤ ᠬᠦᠴᠢᠷ ᠠᠰᠠᠭᠤᠳᠠᠯ ᠢ ᠰᠢᠶᠳᠪᠦᠷᠢᠯᠡᠵᠦ᠂ ᠬᠠᠷᠰᠢ ᠰᠠᠭᠠᠳ ᠢ ᠠᠷᠢᠯᠭᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                           ᠵᠢᠷᠤᠭ᠄ ᠴᠢᠶᠤᠤ ᠮᠢᠨ                          ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ  ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2