ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠠᠷᠢᠭᠤᠨ ᠴᠡᠪᠡᠷ ᠢᠶᠠᠷ ᠳᠤᠯᠠᠭᠠᠯᠠᠬᠤ᠂ ᠢᠯᠴᠢ ᠬᠠᠩᠭᠠᠬᠤ ᠬᠤᠭᠤᠯᠠᠢ ᠶᠢᠨ ᠲᠣᠣᠷ ᠢ ᠬᠤᠶᠠᠳᠠᠬᠢ ᠤᠳᠠᠭ᠎ᠠ ᠥᠭᠡᠷᠡᠴᠢᠯᠡᠨ ᠰᠠᠶᠢᠵᠢᠷᠠᠭᠤᠯᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠲᠤᠬᠢᠷᠠᠭᠤᠯᠤᠨ ᠠᠬᠢᠭᠤᠯᠵᠠᠢ
ᠨᠡᠶᠢᠲᠡᠯᠡᠭᠰᠡᠨ ᠴᠠᠭ᠄
2023/7/20
705470.jpg
      7 ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠭᠤᠴᠢᠨ ᠰᠠᠭᠤᠭᠠᠯᠢ ᠲᠣᠭᠤᠷᠢᠭ᠂ ᠠᠷᠢᠭᠤᠨ ᠴᠡᠪᠡᠷ ᠢᠶᠠᠷ ᠳᠤᠯᠠᠭᠠᠯᠠᠬᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠢ ᠬᠤᠶᠠᠳᠠᠬᠢ ᠤᠳᠠᠭ᠎ᠠ ᠥᠭᠡᠷᠡᠴᠢᠯᠡᠬᠦ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠭᠢᠷᠠᠭᠤᠯᠤᠨ ᠠᠬᠢᠭᠤᠯᠪᠠ᠃      ᠬᠤᠷᠠᠯ ᠠᠴᠠ ᠮᠠᠨ ᠤ ᠲᠤᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠠᠷᠢᠭᠤᠨ ᠴᠡᠪᠡᠷ ᠢᠶᠠᠷ ᠳᠤᠯᠠᠭᠠᠯᠠᠬᠤ᠂ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠤᠶᠠᠳᠠᠬᠢ ᠤᠳᠠᠭᠠᠨ ᠤ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠭᠰᠠᠨ ᠨᠢ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠠᠷᠢᠭᠤᠨ ᠴᠡᠪᠡᠷ ᠢᠶᠠᠷ ᠳᠤᠯᠠᠭᠠᠯᠠᠬᠤ᠂ ᠢᠯᠴᠢ ᠬᠠᠩᠭᠠᠬᠤ ᠬᠤᠭᠤᠯᠠᠢ ᠶᠢᠨ ᠲᠣᠣᠷ ᠢ ᠬᠤᠶᠠᠳᠠᠬᠢ ᠤᠳᠠᠭ᠎ᠠ ᠥᠭᠡᠷᠡᠴᠢᠯᠡᠬᠦ ᠪᠣᠯ ᠨᠢᠭᠡ ᠵᠦᠢᠯ ᠤᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠠᠶᠢᠵᠤ᠂ ᠠᠷᠠᠳ ᠤᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠶᠢᠨ ᠠᠵᠢᠯ ᠢ ᠥᠴᠦᠬᠡᠨ ᠴᠦ ᠭᠤᠶᠢᠪᠢᠰᠢ ᠦᠭᠡᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠦᠨᠡᠨ ᠪᠣᠳᠠᠲᠠᠢ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠭᠤᠴᠢᠨ ᠰᠠᠭᠤᠭᠠᠯᠢ ᠲᠣᠭᠤᠷᠢᠭ᠂ ᠠᠷᠢᠭᠤᠨ ᠴᠡᠪᠡᠷ ᠢᠶᠠᠷ ᠳᠤᠯᠠᠭᠠᠯᠠᠬᠤ᠂ ᠢᠯᠴᠢ ᠬᠠᠩᠭᠠᠬᠤ ᠬᠤᠭᠤᠯᠠᠶ ᠶᠢᠨ ᠲᠣᠣᠷ ᠢ ᠬᠤᠶᠠᠳᠠᠬᠢ ᠤᠳᠠᠭ᠎ᠠ ᠥᠭᠡᠷᠡᠴᠢᠯᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠬᠠᠮᠵᠢᠯᠴᠠᠨ ᠠᠬᠢᠭᠤᠯᠵᠤ᠂ ᠥᠭᠡᠷᠡᠴᠢᠯᠡᠬᠦ ᠠᠵᠢᠯ ᠢ ᠵᠡᠷᠭᠡᠪᠡᠷ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠥᠭᠡᠷᠡᠴᠢᠯᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠶᠳᠪᠦᠷᠢᠯᠡᠬᠦ ᠠᠷᠭ᠎ᠠ ᠬᠡᠮᠵᠢᠶ᠎ᠡ ᠶᠢ ᠰᠢᠰᠲ᠋ᠧᠮ ᠲᠠᠢ ᠡᠮᠬᠢᠯᠡᠨ ᠳᠢᠭᠯᠡᠵᠦ᠂ ᠠᠬᠢᠭᠤᠯᠬᠤ ᠠᠷᠭ᠎ᠠ ᠵᠠᠮ ᠢ ᠰᠢᠯᠢᠳᠡᠭᠵᠢᠭᠦᠯᠦᠨ᠂ ᠥᠭᠡᠷᠡᠴᠢᠯᠡᠬᠦ ᠲᠥᠰᠦᠯ ᠢ ᠲᠡᠭᠦᠯᠳᠡᠷᠵᠢᠭᠦᠯᠵᠦ᠂ ᠥᠭᠡᠷᠡᠴᠢᠯᠡᠬᠦ ᠠᠵᠢᠯ ᠢ ᠥᠨᠳᠥᠷ ᠪᠠᠷᠢᠮᠵᠢᠶ᠎ᠠ ᠪᠠᠷ ᠥᠷᠨᠢᠭᠦᠯᠬᠦ ᠬᠡᠷᠡᠭᠲᠡᠶ᠃ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠤᠯᠠᠨ ᠲᠦᠮᠡᠨ ᠤ ᠰᠠᠨᠠᠯ ᠢ ᠴᠠᠭ ᠲᠤᠬᠠᠢ ᠳᠤᠨᠢ ᠰᠣᠨᠣᠰᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠤᠯᠠᠨ ᠲᠦᠮᠡᠨ ᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠵᠤ᠂ ᠰᠢᠵᠢᠷ ᠠᠯᠳᠠᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠠᠵᠢᠯ ᠤᠨ ᠠᠶᠢᠵᠠᠮ ᠤᠨ ᠲᠠᠯ᠎ᠠ ᠪᠠᠷ ᠲᠠᠬᠢᠨ ᠲᠦᠷᠭᠡᠳᠬᠡᠵᠦ᠂ ᠲᠠᠬᠢᠨ ᠬᠤᠷᠳᠤᠴᠠ ᠪᠠᠨ ᠲᠦᠷᠭᠡᠳᠬᠡᠵᠦ᠂ ᠵᠢᠭᠠᠯᠲᠠ ᠲᠤᠭ᠎ᠠ ᠪᠠᠷ ᠥᠭᠡᠷᠡᠴᠢᠯᠡᠯᠲᠡ ᠶᠢᠨ ︽ᠬᠤᠷᠳᠤᠴᠠ︾᠎ ᠶᠢ ᠰᠣᠯᠢᠬᠤ ᠬᠡᠷᠡᠭᠲᠡᠢ᠃ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠥᠭᠡᠷᠡᠴᠢᠯᠡᠯᠲᠡ ᠶᠢᠨ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠶᠢ ᠪᠠᠲᠤᠯᠠᠬᠤ ᠬᠡᠷᠡᠭᠲᠡᠢ᠃      ᠵᠠᠩ ᡁᠢ ᠷᠦᠩ᠂ ᠶᠠᠩ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                         ᠵᠢᠷᠤᠭ᠄ ᠴᠢᠶᠤᠤ ᠮᠢᠨ                         ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2