| 7 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ | ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠭᠤᠴᠢᠨ ᠰᠠᠭᠤᠭᠠᠯᠢ ᠲᠣᠭᠤᠷᠢᠭ᠂ ᠠᠷᠢᠭᠤᠨ ᠴᠡᠪᠡᠷ ᠢᠶᠠᠷ | ᠳᠤᠯᠠᠭᠠᠯᠠᠬᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠢ ᠬᠤᠶᠠᠳᠠᠬᠢ ᠤᠳᠠᠭ᠎ᠠ ᠥᠭᠡᠷᠡᠴᠢᠯᠡᠬᠦ ᠵᠡᠷᠭᠡ | ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠭᠢᠷᠠᠭᠤᠯᠤᠨ ᠠᠬᠢᠭᠤᠯᠪᠠ᠃ | ᠬᠤᠷᠠᠯ ᠠᠴᠠ ᠮᠠᠨ ᠤ ᠲᠤᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠠᠷᠢᠭᠤᠨ | ᠴᠡᠪᠡᠷ ᠢᠶᠠᠷ ᠳᠤᠯᠠᠭᠠᠯᠠᠬᠤ᠂ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠤᠶᠠᠳᠠᠬᠢ ᠤᠳᠠᠭᠠᠨ ᠤ | ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠴᠤ᠂ | ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠵᠢᠭᠠᠭᠰᠠᠨ ᠨᠢ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠠᠷᠢᠭᠤᠨ ᠴᠡᠪᠡᠷ ᠢᠶᠠᠷ | ᠳᠤᠯᠠᠭᠠᠯᠠᠬᠤ᠂ ᠢᠯᠴᠢ ᠬᠠᠩᠭᠠᠬᠤ ᠬᠤᠭᠤᠯᠠᠢ ᠶᠢᠨ ᠲᠣᠣᠷ ᠢ ᠬᠤᠶᠠᠳᠠᠬᠢ ᠤᠳᠠᠭ᠎ᠠ ᠥᠭᠡᠷᠡᠴᠢᠯᠡᠬᠦ ᠪᠣᠯ ᠨᠢᠭᠡ | ᠵᠦᠢᠯ ᠤᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ | ᠪᠠᠶᠢᠵᠤ᠂ ᠠᠷᠠᠳ ᠤᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠶᠢᠨ ᠠᠵᠢᠯ ᠢ ᠥᠴᠦᠬᠡᠨ ᠴᠦ ᠭᠤᠶᠢᠪᠢᠰᠢ ᠦᠭᠡᠢ | ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠦᠨᠡᠨ ᠪᠣᠳᠠᠲᠠᠢ ᠠᠰᠢᠭ ᠲᠤᠰᠠ ᠶᠢ ᠰᠠᠶᠢᠲᠤᠷ | ᠬᠠᠮᠠᠭᠠᠯᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠠᠭᠤᠴᠢᠨ ᠰᠠᠭᠤᠭᠠᠯᠢ ᠲᠣᠭᠤᠷᠢᠭ᠂ ᠠᠷᠢᠭᠤᠨ ᠴᠡᠪᠡᠷ ᠢᠶᠠᠷ | ᠳᠤᠯᠠᠭᠠᠯᠠᠬᠤ᠂ ᠢᠯᠴᠢ ᠬᠠᠩᠭᠠᠬᠤ ᠬᠤᠭᠤᠯᠠᠶ ᠶᠢᠨ ᠲᠣᠣᠷ ᠢ ᠬᠤᠶᠠᠳᠠᠬᠢ ᠤᠳᠠᠭ᠎ᠠ ᠥᠭᠡᠷᠡᠴᠢᠯᠡᠬᠦ ᠵᠡᠷᠭᠡ ᠠᠵᠢᠯ ᠢ | ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠬᠠᠮᠵᠢᠯᠴᠠᠨ ᠠᠬᠢᠭᠤᠯᠵᠤ᠂ ᠥᠭᠡᠷᠡᠴᠢᠯᠡᠬᠦ ᠠᠵᠢᠯ ᠢ ᠵᠡᠷᠭᠡᠪᠡᠷ | ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠥᠭᠡᠷᠡᠴᠢᠯᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ | ᠠᠰᠠᠭᠤᠳᠠᠯ ᠵᠢᠴᠢ ᠰᠢᠶᠳᠪᠦᠷᠢᠯᠡᠬᠦ ᠠᠷᠭ᠎ᠠ ᠬᠡᠮᠵᠢᠶ᠎ᠡ ᠶᠢ ᠰᠢᠰᠲ᠋ᠧᠮ ᠲᠠᠢ ᠡᠮᠬᠢᠯᠡᠨ ᠳᠢᠭᠯᠡᠵᠦ᠂ ᠠᠬᠢᠭᠤᠯᠬᠤ ᠠᠷᠭ᠎ᠠ | ᠵᠠᠮ ᠢ ᠰᠢᠯᠢᠳᠡᠭᠵᠢᠭᠦᠯᠦᠨ᠂ ᠥᠭᠡᠷᠡᠴᠢᠯᠡᠬᠦ ᠲᠥᠰᠦᠯ ᠢ ᠲᠡᠭᠦᠯᠳᠡᠷᠵᠢᠭᠦᠯᠵᠦ᠂ ᠥᠭᠡᠷᠡᠴᠢᠯᠡᠬᠦ ᠠᠵᠢᠯ ᠢ ᠥᠨᠳᠥᠷ | ᠪᠠᠷᠢᠮᠵᠢᠶ᠎ᠠ ᠪᠠᠷ ᠥᠷᠨᠢᠭᠦᠯᠬᠦ ᠬᠡᠷᠡᠭᠲᠡᠶ᠃ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠤᠯᠠᠨ ᠲᠦᠮᠡᠨ ᠤ ᠰᠠᠨᠠᠯ ᠢ | ᠴᠠᠭ ᠲᠤᠬᠠᠢ ᠳᠤᠨᠢ ᠰᠣᠨᠣᠰᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ | ᠤᠯᠠᠨ ᠲᠦᠮᠡᠨ ᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ | ᠲᠤᠬᠢᠷᠠᠭᠤᠯᠬᠤ ᠶᠢ ᠴᠢᠩᠭᠠᠳᠬᠠᠵᠤ᠂ ᠰᠢᠵᠢᠷ ᠠᠯᠳᠠᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ | ᠠᠵᠢᠯ ᠤᠨ ᠠᠶᠢᠵᠠᠮ ᠤᠨ ᠲᠠᠯ᠎ᠠ ᠪᠠᠷ ᠲᠠᠬᠢᠨ ᠲᠦᠷᠭᠡᠳᠬᠡᠵᠦ᠂ ᠲᠠᠬᠢᠨ ᠬᠤᠷᠳᠤᠴᠠ ᠪᠠᠨ ᠲᠦᠷᠭᠡᠳᠬᠡᠵᠦ᠂ ᠵᠢᠭᠠᠯᠲᠠ | ᠲᠤᠭ᠎ᠠ ᠪᠠᠷ ᠥᠭᠡᠷᠡᠴᠢᠯᠡᠯᠲᠡ ᠶᠢᠨ ︽ᠬᠤᠷᠳᠤᠴᠠ︾ ᠶᠢ ᠰᠣᠯᠢᠬᠤ ᠬᠡᠷᠡᠭᠲᠡᠢ᠃ ᠬᠠᠷᠢᠭᠤᠴᠠᠯᠭ᠎ᠠ ᠶᠢ ᠤᠯᠠᠮ | ᠴᠢᠨᠠᠭᠰᠢᠳᠠ ᠪᠣᠳᠠᠲᠠᠶᠢᠵᠢᠭᠤᠯᠵᠤ᠂ ᠥᠭᠡᠷᠡᠴᠢᠯᠡᠯᠲᠡ ᠶᠢᠨ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠶᠢ | ᠪᠠᠲᠤᠯᠠᠬᠤ ᠬᠡᠷᠡᠭᠲᠡᠢ᠃ | ᠵᠠᠩ ᡁᠢ ᠷᠦᠩ᠂ ᠶᠠᠩ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ᠂ ᠵᠡᠭᠡᠯᠢ | ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠵᠢᠷᠤᠭ᠄ ᠴᠢᠶᠤᠤ ᠮᠢᠨ | ᠤᠷᠴᠢᠭᠤᠯᠤᠭᠴᠢ᠄ ᠲᠤᠶᠠᠭ᠎ᠠ | | | |