ᠵᠠᠩ ᠶᠦᠩ ᠸᠧᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠨᠢᠩ ᠳᠠᠬᠢ ᠭᠤᠣᠯ ᠲᠠᠯᠠᠪᠤᠷ ᠤᠨ ᠪᠡᠯᠡᠳᠬᠡᠯ ᠠᠵᠢᠯ ᠤᠨ ᠪᠠᠶᠢᠳᠠᠯ ᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/3
705470.jpg
      7 ᠳ᠋ᠤᠭᠠᠷ ᠰᠠᠷ᠎ᠠ ᠶᠢᠨ 1᠎ ᠤ ᠣᠷᠣᠶ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠨᠢᠩ ᠎ ᠳᠠᠬᠢ ᠭᠤᠤᠯ  ᠲᠠᠯᠠᠪᠤᠷ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃     ᠵᠠᠩ ᠶᠦᠩ ᠸᠧᠨ ᠤᠯᠠᠭᠠᠨᠴᠠᠪ ᠬᠤᠳᠠ ᠶᠢᠨ ᠤᠮᠪᠠᠯᠲᠠ ᠶᠢᠨ ᠣᠷᠳᠣᠨ ᠤ ᠲᠣᠣᠷ ᠪᠥᠮᠪᠦᠭᠡ ᠶᠢᠨ ᠣᠷᠳᠣᠨ᠂ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ ᠡᠮᠦᠨ᠎ᠡ ᠲᠠᠯᠠᠪᠠᠢ᠂ ᠤᠯᠠᠭᠠᠨᠴᠠᠪ ᠬᠤᠳᠠ ᠶᠢᠨ ᠪᠡᠶ᠎ᠡ ᠶᠢᠨ ᠲᠠᠮᠢᠷ ᠤᠨ ᠲᠠᠯᠠᠪᠠᠢ᠂ ᠴᠠᠬᠠᠷ ᠶᠡᠭᠡ ᠵᠡᠭᠡᠯᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠠᠢ ᠎ ᠳᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠬᠢᠴᠠ ᠶᠢ ᠱᠠᠯᠠᠪᠳᠠᠭᠤᠯᠵᠤ᠂ ᠵᠠᠮ ᠳᠠᠭᠠᠤ ᠶᠢᠨ ᠡᠷᠬᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠬᠤᠳᠠ ᠶᠢᠨ ᠲᠣᠭᠤᠷᠢᠭ ᠤᠨ ᠵᠠᠮ ᠳᠠᠭᠠᠤ ᠶᠢᠨ ᠨᠣᠭᠤᠭᠠᠷᠠᠭᠤᠯᠤᠯᠲᠠ᠂ ᠭᠡᠷᠡᠯᠲᠦᠭᠦᠯᠦᠯᠲᠡ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃    ᠵᠠᠩ ᠶᠦᠩ ᠸᠧᠨ ᠬᠡᠯᠡᠭᠰᠡᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠬᠢᠴᠠ ᠪᠠᠨ ᠲᠦᠷᠭᠡᠳᠬᠡᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠲᠤᠷᠠᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠭᠤᠭᠴᠤᠭ᠎ᠠ ᠶᠢ ᠨᠢᠭᠲᠠ ᠵᠣᠯᠭᠠᠭᠤᠯᠵᠤ᠂ ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠲᠠᠢ᠂ ᠥᠨᠳᠥᠷ ᠲᠦᠪᠰᠢᠨ ᠢᠶᠠᠷ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ ᠭᠡᠵᠡᠢ᠃ ᠭᠤᠤᠯᠳᠠᠯᠭ᠎ᠠ ᠲᠠᠢ ᠣᠷᠣᠨ ᠪᠦᠰᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠠᠮ ᠳᠠᠭᠠᠤ ᠶᠢᠨ ᠨᠣᠭᠤᠭᠠᠷᠠᠭᠤᠯᠤᠯᠲᠠ ᠭᠡᠷᠡᠯᠲᠦᠭᠦᠯᠭᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠵᠢᠨᠢᠩ  ᠤᠨ ᠬᠤᠲᠠ ᠶᠢᠨ ᠶᠠᠰᠤ ᠴᠢᠨᠠᠷ᠂ ᠬᠤᠲᠠ ᠶᠢᠨ ᠣᠷᠴᠢᠨ ᠲᠣᠭᠤᠷᠢᠨ᠂ ᠬᠤᠲᠠ ᠶᠢᠨ ᠳᠦᠷᠢ ᠲᠥᠷᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃    ᠺᠠᠩ ᠬᠠᠶ ᠷᠦᠢ᠂ ᠶᠠᠩ ᠶᠦᠩ᠂ ᠯᠢ ᠯᠢᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2