︽ᠰᠦᠯᠵᠢᠶᠡᠨ ᠤᠳᠤᠨ︾ ᠲᠣᠪᠴᠢᠶᠠᠨ ᠳᠠᠷᠤᠭ᠎ᠠ ᠶᠢ ᠳᠠᠬᠢᠨᠲᠠ ᠰᠤᠷᠪᠤᠯᠵᠢᠯᠠᠬᠤ ᠳᠤ ᠡᠮ ᠡᠮᠨᠡᠯᠭᠡ ᠶᠢᠨ ᠳᠠᠭᠠᠳᠬᠠᠯ ᠤᠨ ᠬᠠᠷᠢᠭᠤᠴᠠᠯᠭ᠎ᠠ ᠶᠢ ᠡᠭᠦᠷᠭᠡᠯᠡᠨ᠎ᠡ ᠭᠡᠵᠦ  ᠶᠠᠷᠢᠵᠤ ᠪᠠᠶᠢᠯ᠎ᠠ
ᠨᠡᠶᠢᠲᠡᠯᠡᠭᠰᠡᠨ ᠴᠠᠭ᠄
2023/7/4
 ᠰᠤᠷᠪᠤᠯᠵᠢᠯᠠᠭᠰᠠᠨ ᠵᠣᠴᠢᠨ᠄ ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠳᠡᠳ᠋ ᠳᠠᠷᠤᠭ᠎ᠠ      ᠯᠢ ᠵᠧᠨᠰᠤᠷᠪᠤᠯᠵᠢᠯᠠᠭᠰᠠᠨ ᠴᠠᠭ᠄ 2023-06-2709᠄ 30᠄ 00      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯᠰᠤᠷᠪᠤᠯᠵᠢᠯᠠᠭᠴᠢ᠄ ᠶᠠᠭᠤᠨ ᠤ ᠤᠴᠢᠷ ᠠᠴᠠ ᠲᠠᠨ ᠤ ᠳᠦᠷᠰᠦ ᠰᠢᠩᠭᠡᠭᠡᠯᠲᠡ ᠥᠨᠥᠳᠦᠷ ᠪᠣᠯᠲᠠᠯ᠎ᠠ ᠰᠠᠶᠢᠵᠢᠷᠠᠯ᠎ᠠ ᠭᠡᠵᠦ ᠬᠡᠯᠡᠵᠦ ᠪᠠᠶᠢᠭ᠎ᠠ ᠨᠢ ᠠᠷᠠᠳ ᠤᠨ ᠬᠡᠷᠡᠭᠴᠡᠭᠡ ᠶᠢ ᠦᠨᠡᠨ ᠬᠦ ᠲᠤᠰᠬᠠᠭᠰᠠᠨ ᠠᠴᠠ ᠪᠣᠯᠤᠭᠰᠠᠨ ᠶᠤᠮ᠂ ᠲᠠ ᠨᠠᠮᠠᠶᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠭᠦᠨ᠎ᠡ ᠭᠡᠵᠦ ᠶᠠᠷᠢᠭᠰᠠᠭᠠᠷ ᠢᠷᠡᠭᠰᠡᠨ ᠶᠤᠮ᠂ ᠡᠭᠦᠨ ᠤ ᠳᠣᠲᠣᠷ᠎ᠠ ᠡᠮ ᠡᠮᠨᠡᠯᠭᠡ ᠶᠢᠨ ᠳᠠᠭᠠᠳᠬᠠᠯ ᠤᠨ ᠲᠤᠬᠠᠶ ᠮᠠᠰᠢ ᠣᠯᠠᠨ ᠲᠥᠷᠥ ᠶᠢᠨ ᠪᠣᠳᠣᠯᠭ᠎ᠠ ᠶᠢ ᠬᠠᠷᠢᠭᠤᠯᠵᠠᠶ᠃ 2023 ᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠤᠬᠠᠭᠤᠯᠭ᠎ᠠ ᠶᠢᠨ ᠭᠤᠤᠯᠳᠠᠯᠭ᠎ᠠ ᠲᠠᠢ ᠠᠵᠢᠯ ᠳᠤ ᠴᠥᠮ ᠶᠠᠮᠠᠷ ᠬᠡᠳᠦᠨ ᠴᠢᠭᠯᠡᠯ ᠲᠠᠢ ᠪᠣᠶ︖ᠰᠤᠷᠪᠤᠯᠵᠢᠯᠠᠭᠰᠠᠨ ᠵᠣᠴᠢᠨ᠄ 2023 ᠣᠨ ᠤ ᠤᠬᠠᠭᠤᠯᠭ᠎ᠠ ᠶᠢᠨ ᠭᠤᠤᠯᠳᠠᠯᠭ᠎ᠠ ᠦᠨᠡᠨ ᠳᠡᠭᠡᠨ ᠮᠠᠰᠢ ᠣᠯᠠᠨ ᠪᠠᠶᠢᠨ᠎ᠠ᠂ ᠭᠡᠪᠡᠴᠦ ᠣᠶᠢᠷ᠎ᠠ ᠶᠢᠨ ᠨᠢᠭᠡ ᠬᠤᠭᠤᠴᠠᠭᠠᠨ ᠳᠤ ᠪᠢᠳᠡᠨ ᠤ ᠲᠥᠪᠯᠡᠷᠡᠭᠦᠯᠦᠨ ᠤᠬᠠᠭᠤᠯᠵᠤ ᠪᠠᠶᠢᠭ᠎ᠠ ᠭᠤᠤᠯᠳᠠᠭᠤ ᠭᠤᠷᠪᠠᠨ ᠵᠦᠶᠯ ᠤᠨ ᠶᠠᠪᠤᠳᠠᠯ ᠪᠣᠯᠤᠨ᠎ᠠ᠄ ᠨᠢᠭᠡᠳᠦᠭᠡᠷ ᠲᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠨ᠎ᠠ᠂ ᠥᠭᠡᠷ᠎ᠡ ᠪᠠᠷ ᠬᠡᠯᠡᠪᠡᠯ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠺᠠᠷᠲ ᠢ ᠠᠮᠢᠯᠠᠭᠤᠯᠤᠨ᠎ᠠ᠂ ᠡᠶᠢᠮᠦ ᠠᠴᠠ ᠥᠨᠥᠳᠦᠷ ᠪᠠᠰᠠ ᠳᠡᠯᠭᠡᠴᠡ ᠶᠢᠨ ᠡᠮᠦᠨᠡᠬᠢ ᠨᠠᠶᠢᠵᠠ ᠨᠠᠷ ᠲᠤ ᠄ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠺᠠᠷᠲ ᠢᠶᠠᠨ ᠠᠮᠢᠯᠠᠭᠤᠯᠤᠨ᠎ᠠ ᠭᠡᠵᠦ ᠬᠡᠯᠡᠨ᠎ᠡ᠃ ᠤᠴᠢᠷ ᠨᠢ ᠣᠲᠣ ᠪᠣᠯ ᠮᠡᠳᠡᠭᠡ ᠵᠠᠩᠭᠢᠵᠢᠯᠲᠠ ᠶᠢᠨ ᠴᠠᠭ ᠦᠶ᠎ᠡ ᠮᠥᠨ᠂ ᠭᠠᠳᠠᠭᠰᠢ ᠭᠠᠷᠤᠭᠰᠠᠨ ᠤ ᠳᠠᠷᠠᠭ᠎ᠠ ᠡᠪᠡᠳᠴᠢᠨ ᠦᠵᠡᠭᠦᠯᠬᠦ ᠡᠮ ᠡᠮᠨᠡᠯᠭᠡ ᠶᠢᠨ ᠳᠠᠭᠠᠳᠬᠠᠯ ᠤᠨ ᠺᠠᠷᠲ ᠨᠢ ᠡᠨᠡ ᠬᠦ ᠨᠡᠶᠢᠭᠡᠮ ᠤᠨ ᠭᠤᠤᠯ ᠤᠷᠤᠰᠬᠠᠯ ᠠᠴᠠ ᠤᠬᠤᠷᠢᠨ ᠭᠠᠷᠬᠤ ᠮᠥᠷᠲᠡᠭᠡᠨ ᠲᠡᠷᠡ ᠨᠢ ᠲᠡᠶᠢᠮᠦ ᠲᠥᠬᠦᠮ ᠪᠢᠰᠢ ᠶᠤᠮ᠃ ᠬᠤᠶᠠᠳᠤᠭᠠᠷ ᠲᠤ᠂ ᠣᠯᠠᠨ ᠢᠶᠠᠷ ᠢᠶᠠᠨ ᠵᠠᠪᠠᠯ ︽ᠡᠮᠨᠡᠯᠭᠡ ᠠᠴᠠ ᠭᠠᠷᠪᠠᠯ ᠰᠢᠭᠤᠳ ᠮᠡᠳᠡᠭᠦᠯᠬᠦ︾ ᠬᠡᠷᠡᠭᠲᠡᠶ᠂ ︽ᠵᠣᠭᠤᠰ ᠣᠷᠣᠯᠠᠨ ᠥᠭᠴᠦ︾ ᠪᠣᠯᠬᠤ ᠥᠬᠡᠶ᠂ ᠪᠡᠭᠡᠵᠢᠩ᠂ ᠬᠥᠬᠡᠬᠤᠲᠠ᠂ ᠲᠥᠪ ᠡᠮᠨᠡᠯᠭᠡ ᠶᠢᠨ ᠬᠤᠷᠢᠶ᠎ᠠ ᠳᠤ ᠣᠴᠢᠭᠰᠠᠨ ᠴᠤ ᠪᠣᠯᠤᠨ᠎ᠠ᠂ ᠡᠮᠨᠡᠯᠭᠡ ᠠᠴᠠ ᠭᠠᠷᠤᠮᠠᠭᠴᠠ ᠥᠪᠡᠷ ᠤᠨ ᠳᠥᠯᠥᠭᠰᠡᠨ ᠲᠡᠷᠡ ᠬᠡᠰᠡᠭ ᠢᠶᠠᠨ ᠰᠢᠭᠤᠳ ᠲᠤᠰᠢᠶᠠᠪᠠᠯ᠂ ᠡᠮ ᠡᠮᠨᠡᠯᠭᠡ ᠶᠢᠨ ᠳᠠᠭᠠᠳᠬᠠᠯ ᠢᠶᠠᠨ ᠰᠢᠭᠤᠳ ᠮᠡᠳᠡᠭᠦᠯᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠵᠣᠭᠤᠰ ᠣᠷᠣᠯᠠᠨ ᠥᠭᠬᠦ ᠳᠠᠷᠤᠯᠲᠠ ᠪᠠᠭ᠎ᠠ ᠪᠣᠯᠵᠣ᠂ ᠣᠨᠳᠣᠤ ᠭᠠᠵᠠᠷ ᠲᠤ ᠰᠢᠭᠤᠳ ᠮᠡᠳᠡᠭᠦᠯᠪᠡᠯ ᠵᠣᠬᠢᠨ᠎ᠠ᠃ᠰᠤᠷᠪᠤᠯᠵᠢᠯᠠᠭᠴᠢ ᠄ ᠲᠡᠭᠡᠪᠡᠯ ᠣᠨᠳᠣᠣ ᠭᠠᠵᠠᠷ ᠲᠤ ᠰᠢᠭᠤᠳ ᠮᠡᠳᠡᠭᠦᠯᠬᠦ ᠶᠠᠪᠤᠴᠠ ᠳᠤ ᠪᠢᠳᠡᠨ ᠤ ᠠᠩᠬᠠᠷᠬᠤ ᠴᠢᠬᠤᠯᠠᠲᠠᠶ ᠵᠠᠷᠢᠮ ᠶᠠᠪᠤᠴᠠ ᠪᠠ ᠭᠠᠷ ᠭᠦᠢᠴᠡᠳᠬᠡᠯ ᠪᠠᠶᠢᠨ᠎ᠠ  ᠤᠤ ᠦᠭᠡᠶ  ᠤᠤ᡼︖  ᠰᠤᠷᠪᠤᠯᠵᠢᠯᠠᠭᠰᠠᠨ ᠵᠣᠴᠢᠨ᠄ ᠣᠨᠳᠣᠤ ᠭᠠᠵᠠᠷ ᠲᠤ ᠰᠢᠭᠤᠳ ᠮᠡᠳᠡᠭᠦᠯᠬᠦ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠳᠠᠩᠰᠠᠯᠠᠭᠤᠯᠬᠤ ᠴᠢᠬᠤᠯᠠ ᠥᠬᠡᠶ᠂ ᠪᠢᠳᠡ ᠣᠷᠣᠨ ᠤ ᠳᠣᠲᠣᠷ᠎ᠠ ᠣᠨᠳᠣᠤ ᠭᠠᠵᠠᠷ ᠥᠬᠡᠶ  ᠭᠡᠨ᠎ᠡ᠃ ᠭᠡᠪᠡᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠠᠯᠬᠤ ᠳᠤ ᠯᠠ ᠭᠦᠷᠪᠡᠯ᠂ ᠵᠠᠪᠠᠯ ᠤᠷᠢᠳ ᠢᠶᠠᠷ ᠭᠠᠷ ᠤᠲᠠᠰᠤᠨ ᠤ ᠸᠢᠴᠠᠲ ᠤᠨ ᠵᠢᠵᠢᠭ ᠫᠷᠤᠭ᠍ᠷᠠᠮ ᠢᠶᠠᠷ ᠺᠣᠳ᠋ ᠢ ᠰᠢᠷᠪᠢᠪᠡᠯ ᠴᠥᠮ ᠥᠪᠡᠰᠦᠪᠡᠨ ᠪᠡᠭᠡᠵᠢᠩ ᠪᠤᠶᠤ ᠮᠤᠵᠢ ᠠᠯᠤᠰᠯᠠᠭᠰᠠᠨ ᠭᠠᠵᠠᠷ ᠣᠷᠣᠨ ᠳᠤ ᠬᠦᠷᠴᠦ ᠪᠣᠯᠤᠨ᠎ᠠ᠂ ᠴᠢ ᠡᠮᠨᠡᠯᠭᠡ ᠠᠴᠠ ᠭᠠᠷᠬᠤ ᠦᠶ᠎ᠡ ᠳᠤ ᠰᠢᠭᠤᠳ ᠲᠡᠰᠦᠯᠦᠨ ᠪᠤᠳᠤᠬᠤ ᠶᠢ ᠪᠡᠶᠡᠯᠡᠭᠦᠯᠵᠦ ᠪᠣᠯᠬᠤ ᠮᠥᠷᠲᠡᠭᠡᠨ ᠤᠯᠠᠭᠠᠨᠴᠠᠪ ᠤᠨ ᠲᠥᠷᠥ ᠶᠢᠨ ᠪᠣᠳᠣᠯᠭ᠎ᠠ ᠶᠢ ᠬᠡᠷᠡᠭᠯᠡᠵᠦ ᠪᠣᠯᠤᠨ᠎ᠠ᠂ ᠭᠡᠪᠡᠴᠦ ᠤᠷᠢᠲᠠᠯ ᠨᠥᠬᠦᠴᠡᠯ ᠨᠢ ᠡᠷᠬᠡᠪᠰᠢ ᠡᠯᠧᠺᠲᠷᠣᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠠᠮᠢᠯᠠᠭᠤᠯᠬᠤ ᠬᠡᠷᠡᠭᠲᠡᠶ᠂ ᠥᠭᠡᠷ᠎ᠡ ᠪᠠᠷ ᠬᠡᠯᠡᠪᠡᠯ ᠡᠯᠧᠺᠲᠷᠣᠨ ᠭᠡᠷᠡᠴᠢ ᠪᠠᠷᠢᠮᠲᠠ ᠶᠢ ᠬᠡᠷᠡᠭᠯᠡᠬᠦ ᠬᠡᠷᠡᠭᠲᠡᠶ᠃ᠰᠤᠷᠪᠤᠯᠵᠢᠯᠠᠭᠴᠢ ᠄ ᠡᠯᠧᠺᠲᠷᠣᠨ ᠭᠡᠷᠡᠴᠢ ᠪᠠᠷᠢᠮᠲᠠ ᠶᠢ ᠢᠳᠡᠪᠬᠢᠵᠢᠭᠦᠯᠬᠦ ᠳᠤ ᠪᠢᠳᠡᠨ ᠤ ᠰᠠᠶᠢᠨ ᠮᠡᠳᠡᠳᠡᠭ ᠨᠢ ᠶᠡᠷᠦ ᠳᠡᠭᠡᠨ ᠸᠢᠴᠠᠲ᠂ ᠲᠣᠭᠠᠴᠠᠭ᠎ᠠ ᠡᠷᠳᠡᠨᠢ ᠭᠡᠬᠦ ᠡᠨᠡ ᠬᠤᠶᠠᠷ ᠨᠢ ᠡᠯᠧᠺᠲᠷᠣᠨ ᠭᠡᠷᠡᠴᠢ ᠪᠠᠷᠢᠮᠲᠠ ᠶᠢ ᠢᠳᠡᠪᠬᠢᠵᠢᠭᠦᠯᠳᠡᠭ᠂ ᠥᠭᠡᠷ᠎ᠡ ᠠᠷᠭ᠎ᠠ ᠵᠠᠮ ᠪᠠᠶᠢᠨ᠎ᠠ  ᠤᠤ ᠥᠬᠡᠶ  ᠤᠤ︖ᠰᠤᠷᠪᠤᠯᠵᠢᠯᠠᠭᠰᠠᠨ ᠵᠣᠴᠢᠨ ᠄ ᠦᠨᠡᠨ ᠳᠡᠭᠡᠨ ᠬᠠᠮᠤᠭ ᠤᠨ ᠦᠨᠳᠦᠰᠦᠨ ᠵᠦᠶᠯ ᠨᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ APP ᠪᠣᠯᠤᠨ᠎ᠠ᠂ ᠡᠭᠦᠨ ᠠᠴᠠ ᠭᠠᠳᠠᠨ᠎ᠠ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ APP᠂ ᠲᠣᠭᠠᠴᠠᠭ᠎ᠠ ᠬᠢᠬᠦ ᠡᠷᠳᠡᠨᠢ᠂ ᠸᠢᠴᠠᠲ ᠵᠡᠷᠭᠡ ᠨᠢ ᠴᠥᠮ ᠬᠤᠯᠪᠣᠭ᠎ᠠ ᠲᠠᠢ ᠪᠠᠶᠢᠳᠠᠭ᠃ ᠣᠳᠣᠬᠠᠨ ᠳᠤ ᠢᠳᠡᠪᠬᠢᠵᠢᠭᠦᠯᠬᠦ ᠳᠤ ᠮᠠᠰᠢ ᠲᠥᠬᠦᠮ ᠪᠠᠶᠢᠳᠠᠭ᠂ ᠪᠠᠰᠠ ᠨᠢᠭᠡ ᠨᠢ ᠵᠢᠯ ᠪᠦᠷᠢ ᠶᠢᠨ 3 ᠰᠠᠷ᠎ᠠ ᠶᠢᠨ 31᠎ ᠤ ᠡᠳᠦᠷ ᠪᠣᠯᠲᠠᠯ᠎ᠠ ᠰᠠᠭᠤᠭᠠᠯᠢ ᠠᠷᠠᠳ ᠤᠨ ᠰᠦᠶᠳᠬᠡᠯ ᠲᠤᠰᠢᠶᠠᠬᠤ ᠬᠤᠭᠤᠴᠠᠭ᠎ᠠ ᠨᠢ ᠳᠠᠭᠤᠰᠤᠨ᠎ᠠ᠂ ᠤᠴᠢᠷ ᠨᠢ ᠨᠥᠬᠦᠵᠦ ᠲᠤᠰᠢᠶᠠᠭᠰᠠᠨ ᠤ ᠳᠠᠷᠠᠭ᠎ᠠ ᠬᠤᠶᠠᠷ ᠰᠠᠷ᠎ᠠ ᠶᠢᠨ ᠬᠤᠭᠤᠴᠠᠭ᠎ᠠ ᠲᠠᠢ ᠪᠠᠶᠢᠵᠤ᠂ ᠡᠨᠡ ᠬᠤᠶᠠᠷ ᠰᠠᠷ᠎ᠠ ᠶᠢᠨ ᠳᠣᠲᠣᠷ᠎ᠠ ᠡᠪᠡᠳᠴᠢᠯᠡᠪᠡᠯ ᠮᠡᠳᠡᠭᠦᠯᠵᠦ ᠳᠡᠶᠢᠯᠬᠦ ᠥᠬᠡᠶ ᠪᠣᠯᠤᠨ᠎ᠠ᠃ ᠣᠶᠢᠷ᠎ᠠ ᠳᠤ ᠪᠢᠳᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠭᠠᠷᠭᠠᠵᠠᠶ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠦᠨᠳᠦᠰᠦᠯᠡᠨ ᠡᠨᠡ ᠬᠦ ᠰᠦᠶᠳᠬᠡᠯ ᠲᠤᠰᠢᠶᠠᠬᠤ ᠬᠤᠭᠤᠴᠠᠭ᠎ᠠ ᠶᠢ ᠪᠠᠰᠠ 6 ᠰᠠᠷ᠎ᠠ ᠶᠢᠨ 30᠎ ᠤ ᠡᠳᠦᠷ ᠪᠣᠯᠲᠠᠯ᠎ᠠ ᠤᠷᠲᠤᠳᠬᠠᠪᠠ᠂ ᠡᠨᠡ ᠪᠣᠯ ᠨᠢᠭᠡᠨ ᠣᠨᠴᠠ ᠶᠡᠭᠡ ᠰᠠᠶᠢᠨ ᠴᠢᠮᠡᠭᠡ ᠪᠣᠯᠤᠨ᠎ᠠ᠃ ᠡᠭᠦᠨ ᠢ ᠪᠢᠳᠡ ᠪᠠᠰᠠ ᠲᠥᠪᠯᠡᠷᠡᠭᠦᠯᠦᠨ ᠤᠬᠠᠭᠤᠯᠵᠤ ᠪᠠᠶᠢᠨ᠎ᠠ᠂ ᠡᠭᠦᠨ ᠠᠴᠠ ᠭᠠᠳᠠᠨ᠎ᠠ ᠪᠠᠰᠠ ᠨᠢᠭᠡᠨᠲᠡ ᠠᠯᠳᠠᠵᠤ ᠶᠠᠪᠤᠭᠤᠯᠤᠭᠰᠠᠨ ᠵᠦᠢᠯ ᠤᠳ ᠪᠠᠶᠢᠨ᠎ᠠ᠂  ᠴᠢ ᠵᠥᠪᠬᠡᠨ 380 ᠲᠥᠭᠦᠷᠢᠭ ᠲᠤᠰᠢᠶᠠᠵᠤ ᠪᠠᠶᠢᠨ᠎ᠠ᠂ ᠤᠯᠤᠰ ᠠᠴᠠ ᠪᠠᠰᠠ 610 ᠲᠥᠭᠦᠷᠢᠭ ᠤᠨ ᠨᠥᠬᠦᠪᠥᠷᠢ ᠣᠯᠭᠤᠵᠤ ᠪᠠᠶᠢᠨ᠎ᠠ᠂ ᠡᠭᠦᠨ ᠳᠤ ᠠᠵᠠ ᠵᠠᠪᠰᠢᠶᠠᠨ ᠢᠶᠠᠷ ᠰᠦᠢᠳᠬᠡᠯ ᠲᠤᠰᠢᠶᠠᠬᠤ ᠳᠤ ᠢᠳᠡᠪᠬᠢᠲᠡᠶ ᠪᠠᠶᠢᠬᠤ ᠬᠡᠷᠡᠭᠲᠡᠶ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠠᠪᠤᠳᠠᠯ ᠢ ᠢᠳᠡᠪᠬᠢᠲᠡᠶ ᠪᠠᠷ ᠬᠢᠬᠦ ᠬᠡᠷᠡᠭᠲᠡᠶ᠃ ᠪᠦᠬᠦᠨ ᠢ ᠣᠯᠠᠨ ᠳᠤ ᠴᠢᠬᠤᠯᠠᠴᠢᠯᠠᠬᠤ ᠬᠡᠷᠡᠭᠲᠡᠢ᠂ ᠵᠠᠪᠠᠯ ᠲᠣᠭᠲᠠᠭᠰᠠᠨ ᠴᠠᠭ ᠤᠨ ᠳᠣᠲᠣᠷ᠎ᠠ᠂ ᠪᠢᠳᠡ ᠦᠷᠭᠦᠯᠵᠢᠯᠡᠨ ᠡᠮ ᠡᠮᠨᠡᠯᠭᠡ ᠶᠢᠨ ᠳᠠᠭᠠᠳᠬᠠᠯ ᠳᠤ ᠣᠴᠢᠵᠤ ᠲᠤᠰᠢᠶᠠᠨ᠎ᠠ᠂ ᠲᠠᠰᠤᠯᠳᠠᠭᠤᠯᠬᠤ ᠬᠤᠭᠤᠴᠠᠭ᠎ᠠ ᠪᠠᠶᠢᠵᠤ ᠪᠣᠯᠬᠤ ᠦᠭᠡᠢ᠂ ᠬᠤᠶᠠᠷ ᠰᠠᠷ᠎ᠠ ᠶᠢ ᠪᠣᠭᠤᠨᠢᠰᠬᠠᠭᠠᠳ ᠨᠢᠭᠡ ᠰᠠᠷ᠎ᠠ ᠶᠢᠨ ᠬᠦᠯᠢᠶᠡᠬᠦ ᠬᠤᠭᠤᠴᠠᠭ᠎ᠠ ᠪᠣᠯᠭᠠᠨ᠎ᠠ᠂ ᠦᠨᠡᠨ ᠳᠡᠭᠡᠨ ᠲᠠ ᠦᠷᠭᠦᠯᠵᠢᠯᠡᠨ ᠰᠦᠢᠳᠬᠡᠯ ᠲᠤᠰᠢᠶᠠᠪᠠᠯ ᠦᠨᠳᠦᠰᠦᠨ ᠳᠡᠭᠡᠨ ᠵᠠᠪᠰᠠᠷ ᠦᠭᠡᠢ ᠵᠠᠯᠭᠠᠵᠤ ᠪᠣᠯᠤᠨ᠎ᠠ ᠭᠡᠰᠡᠨ ᠦᠭᠡ ᠮᠦᠨ᠃ᠰᠤᠷᠪᠤᠯᠵᠢᠯᠠᠭᠴᠢ ᠄ ᠮᠠᠨ ᠤ ᠤᠯᠤᠰ ᠣᠲᠣ ᠶᠠᠭ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠪᠠᠶᠢᠨ᠎ᠠ᠂ ᠲᠠᠨ ᠤ ᠥᠩᠭᠡᠷᠡᠭᠰᠡᠨ ᠳᠤ ᠲᠠᠭᠤ ᠴᠡᠴᠡᠷᠡᠭᠦᠯᠦᠨ ᠰᠤᠷᠤᠯᠴᠠᠵᠤ ᠪᠠᠶᠢᠭᠰᠠᠨ ᠢ ᠦᠵᠡᠭᠡᠳ᠂ ᠬᠤᠷᠠᠯ ᠳᠡᠭᠡᠷ᠎ᠡ ᠪᠢᠳᠡᠨ ᠳᠤ ᠶᠠᠮᠠᠷ ᠶᠠᠮᠠᠷ ᠰᠠᠶᠢᠨ ᠴᠢᠮᠡᠭᠡ ᠠᠪᠴᠢᠷᠠᠭᠰᠠᠨ  ᠤᠤ ᠥᠬᠡᠶ  ᠤᠤ︖ᠰᠤᠷᠪᠤᠯᠵᠢᠯᠠᠭᠰᠠᠨ ᠵᠣᠴᠢᠨ ᠄ ᠣᠲᠣ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠠᠪᠴᠠᠩ ᠪᠣᠯᠵᠠᠶ᠂ ᠵᠢᠱᠢᠶᠡᠯᠡᠪᠡᠯ ᠣᠶᠢᠷ᠎ᠠ ᠶᠢᠨ ᠬᠤᠭᠤᠴᠠᠭᠠᠨ ᠳᠤ ᠪᠢᠳᠡ ᠬᠤᠲᠠ ᠶᠢᠨ 933 ᠡᠮ ᠤᠨ ᠳᠡᠯᠭᠡᠭᠦᠷ ᠢ ᠴᠥᠮ ᠴᠢᠯᠥᠭᠡᠲᠡᠶ ᠪᠣᠯᠭᠠᠵᠤ᠂ ᠪᠥᠬᠦ ᠤᠯᠤᠰ ᠤᠨ ᠮᠠᠨ ᠤ ᠥᠪᠥᠷ ᠮᠣᠩᠭᠤᠯ ᠤᠨ ᠤᠯᠠᠭᠠᠨᠴᠠᠪ ᠬᠤᠲᠠ ᠳᠤ ᠢᠷᠡᠵᠦ ᠴᠥᠮ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠬᠡᠷᠡᠭᠯᠡᠵᠦ ᠪᠣᠯᠬᠤ ᠪᠣᠯᠵᠠᠶ᠂ ᠡᠶᠢᠮᠦ ᠠᠴᠠ ᠮᠡᠳᠡᠭᠡ ᠵᠠᠩᠭᠢᠵᠢᠯᠲᠠ ᠶᠢᠨ ᠴᠠᠭ ᠦᠶ᠎ᠡ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠨ᠎ᠠ᠃ᠰᠤᠷᠪᠤᠯᠵᠢᠯᠠᠭᠴᠢ ᠄ ᠯᠢ ᠣᠪᠣᠭᠲᠤ ᠶᠢᠨ ᠲᠣᠪᠴᠢᠶᠠᠨ ᠤ ᠪᠢᠳᠡᠨ ᠳᠤ ᠡᠶᠢᠮᠦ ᠰᠠᠶᠢᠨ ᠴᠢᠮᠡᠭᠡ ᠠᠪᠴᠢᠷᠠᠵᠤ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠣᠯᠠᠨ ᠲᠦᠮᠡᠨ ᠴᠦ ᠮᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠳᠤ ᠤᠯᠠᠮ ᠠᠴᠠ ᠤᠯᠠᠮ ᠢᠲᠡᠭᠡᠯ ᠲᠠᠢ ᠪᠣᠯᠵᠤ ᠪᠠᠶᠢᠨ᠎ᠠ ᠭᠡᠳᠡᠭ ᠢ ᠪᠢ ᠢᠲᠡᠭᠡᠵᠦ ᠪᠠᠶᠢᠨ᠎ᠠ᠃ ᠰᠤᠷᠪᠤᠯᠵᠢᠯᠠᠭᠰᠠᠨ ᠵᠣᠴᠢᠨ ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠰᠡᠭᠦᠯᠴᠢ ᠶᠢᠨ ᠬᠤᠭᠤᠴᠠᠭᠠᠨ ᠳᠤ ᠯᠠᠪᠲᠠᠶ ᠨᠠᠩ ᠣᠯᠠᠨ ᠰᠠᠶᠢᠨ ᠴᠢᠮᠡᠭᠡ ᠠᠪᠴᠢᠷᠠᠬᠤ ᠪᠣᠯᠤᠨ᠎ᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2