| | | | | | | 7 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ | ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ | ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠤᠳᠤᠯᠤᠨ ᠰᠢᠶᠳᠪᠦᠷᠢᠯᠡᠪᠡ᠃ | ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠮᠠᠨ ᠤ ᠲᠤᠭᠤᠷᠢᠭ ᠤᠨ ᠬᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠭᠰᠡᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ | ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠠ ᠲᠣᠬᠢᠶᠠᠯ ᠢ | ᠠᠮᠵᠢᠨ᠂ ᠠᠬᠢᠴᠠ ᠪᠠᠨ ᠲᠦᠷᠭᠡᠳᠬᠡᠵᠦ᠂ ᠮᠠᠨ ᠤ ᠲᠤᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ | ᠲᠥᠷᠥᠯ ᠵᠦᠶᠯ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠡᠯ᠎ᠡ ᠳᠠᠭᠠᠭᠠᠴᠢᠯᠠᠯᠲᠠ ᠶᠢᠨ ᠬᠤᠯᠪᠣᠭ᠎ᠠ ᠶᠢᠨ ᠤᠳᠤᠷᠢᠳᠤᠯᠭ᠎ᠠ᠂ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠦᠴᠢᠷ ᠪᠡᠷᠬᠡᠰᠢᠶᠡᠯ ᠳᠤ ᠰᠢᠭᠤᠳ ᠬᠠᠨᠳᠤᠵᠤ᠂ | ᠰᠠᠨᠠᠭᠠᠴᠢᠯᠠᠭ᠎ᠠ ᠠᠴᠠ ᠪᠠᠨ ᠭᠠᠷ ᠳᠦᠷᠦᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠲᠤᠬᠠᠶ ᠶᠢᠨ ᠲᠠᠯᠠᠪᠤᠷ ᠲᠤ | ᠠᠵᠢᠯᠯᠠᠵᠤ᠂ ᠪᠣᠳᠠᠲᠠᠶ ᠠᠰᠠᠭᠤᠳᠠᠯ ᠢ ᠬᠠᠪᠰᠤᠷᠤᠨ ᠵᠣᠬᠢᠴᠠᠭᠤᠯᠵᠤ ᠰᠢᠶᠳᠪᠦᠷᠢᠯᠡᠬᠦ ᠬᠡᠷᠡᠭᠲᠡᠶ᠃ ᠲᠠᠰ ᠳᠠᠷᠠᠭᠠᠯᠠᠯ ᠢ | ᠴᠢᠬᠤᠯᠠᠴᠢᠯᠠᠵᠤ᠂ ᠬᠠᠤᠯᠢ ᠲᠣᠭᠲᠠᠭᠠᠯ ᠶᠣᠰᠣᠭᠠᠷ ᠰᠢᠶᠳᠪᠦᠷᠢᠯᠡᠬᠦ ᠵᠠᠷᠴᠢᠮ ᠢ ᠪᠠᠷᠢᠮᠲᠠᠯᠠᠨ᠂ ᠠᠰᠠᠭᠤᠳᠠᠯ ᠢ | ᠰᠢᠶᠳᠪᠦᠷᠢᠯᠡᠬᠦ ᠪᠠ ᠠᠷᠢᠯᠭᠠᠬᠤ ᠠᠷᠭ᠎ᠠ ᠵᠠᠮ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠡᠷ ᠪᠠᠶᠢᠰᠢᠩ ᠭᠠᠵᠠᠷ | ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠴᠠᠭ ᠤᠨ | ᠳᠠᠷᠠᠭᠠᠯᠠᠯ ᠤᠨ ᠠᠬᠢᠴᠠ ᠪᠠᠷ ᠰᠢᠶᠳᠪᠦᠷᠢᠯᠡᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠡᠷᠬᠡ ᠠᠰᠢᠭ ᠢ ᠦᠨᠡᠨ | ᠬᠦ ᠰᠠᠶᠢᠲᠤᠷ ᠬᠠᠮᠠᠭᠠᠯᠠᠬᠤ ᠪᠠ ᠪᠠᠲᠤᠯᠠᠬᠤ ᠬᠡᠷᠡᠭᠲᠡᠶ᠃ ᠲᠠᠯᠳᠠ ᠭᠡᠮ ᠢ ᠠᠷᠢᠯᠭᠠᠵᠤ᠂ ᠠᠬᠢᠴᠠ ᠶᠢ ᠵᠠᠪᠳᠤᠨ | ᠠᠳᠬᠤᠬᠤ ᠶᠢᠨ ᠵᠡᠷᠭᠡᠴᠡᠭᠡᠪᠡᠷ ᠠᠶᠤᠯᠭᠦᠶ ᠦᠢᠯᠡᠳᠪᠦᠷᠢᠯᠡᠯ᠂ ᠪᠠᠷᠢᠯᠭ᠎ᠠ ᠶᠢᠨ ᠶᠠᠰᠤ ᠴᠢᠨᠠᠷ᠂ ᠬᠥᠯᠥᠰᠥᠨ | ᠠᠵᠢᠯᠴᠢᠨ ᠤ ᠴᠠᠯᠢᠩ ᠢ ᠥᠷᠢᠲᠦᠬᠦ ᠦᠭᠡᠢ ᠪᠠᠶᠢᠬᠤ ᠵᠡᠷᠭᠡ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ | ᠬᠡᠷᠡᠭᠲᠡᠶ᠃ | ᠲᠣᠭᠤᠷᠢᠭ ᠤᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠵᠢᠷᠤᠭ᠄ ᠴᠢᠶᠤᠤ ᠮᠢᠨ | ᠤᠷᠴᠢᠭᠤᠯᠤᠭᠴᠢ᠄ ᠲᠤᠶᠠᠭ᠎ᠠ | | | |