ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/8/1
     7 ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠤᠳᠤᠯᠤᠨ ᠰᠢᠶᠳᠪᠦᠷᠢᠯᠡᠪᠡ᠃     ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠮᠠᠨ ᠤ ᠲᠤᠭᠤᠷᠢᠭ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠭᠰᠡᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠠ ᠲᠣᠬᠢᠶᠠᠯ ᠢ ᠠᠮᠵᠢᠨ᠂ ᠠᠬᠢᠴᠠ ᠪᠠᠨ ᠲᠦᠷᠭᠡᠳᠬᠡᠵᠦ᠂  ᠮᠠᠨ ᠤ  ᠲᠤᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠶᠯ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠡᠯ᠎ᠡ ᠳᠠᠭᠠᠭᠠᠴᠢᠯᠠᠯᠲᠠ ᠶᠢᠨ ᠬᠤᠯᠪᠣᠭ᠎ᠠ ᠶᠢᠨ ᠤᠳᠤᠷᠢᠳᠤᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠦᠴᠢᠷ ᠪᠡᠷᠬᠡᠰᠢᠶᠡᠯ ᠳᠤ ᠰᠢᠭᠤᠳ ᠬᠠᠨᠳᠤᠵᠤ᠂ ᠰᠠᠨᠠᠭᠠᠴᠢᠯᠠᠭ᠎ᠠ ᠠᠴᠠ ᠪᠠᠨ ᠭᠠᠷ ᠳᠦᠷᠦᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠲᠤᠬᠠᠶ ᠶᠢᠨ ᠲᠠᠯᠠᠪᠤᠷ ᠲᠤ ᠠᠵᠢᠯᠯᠠᠵᠤ᠂ ᠪᠣᠳᠠᠲᠠᠶ ᠠᠰᠠᠭᠤᠳᠠᠯ ᠢ ᠬᠠᠪᠰᠤᠷᠤᠨ ᠵᠣᠬᠢᠴᠠᠭᠤᠯᠵᠤ ᠰᠢᠶᠳᠪᠦᠷᠢᠯᠡᠬᠦ ᠬᠡᠷᠡᠭᠲᠡᠶ᠃ ᠲᠠᠰ ᠳᠠᠷᠠᠭᠠᠯᠠᠯ ᠢ ᠴᠢᠬᠤᠯᠠᠴᠢᠯᠠᠵᠤ᠂ ᠬᠠᠤᠯᠢ ᠲᠣᠭᠲᠠᠭᠠᠯ ᠶᠣᠰᠣᠭᠠᠷ ᠰᠢᠶᠳᠪᠦᠷᠢᠯᠡᠬᠦ ᠵᠠᠷᠴᠢᠮ ᠢ ᠪᠠᠷᠢᠮᠲᠠᠯᠠᠨ᠂ ᠠᠰᠠᠭᠤᠳᠠᠯ ᠢ ᠰᠢᠶᠳᠪᠦᠷᠢᠯᠡᠬᠦ ᠪᠠ ᠠᠷᠢᠯᠭᠠᠬᠤ ᠠᠷᠭ᠎ᠠ ᠵᠠᠮ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠴᠠᠭ ᠤᠨ ᠳᠠᠷᠠᠭᠠᠯᠠᠯ ᠤᠨ ᠠᠬᠢᠴᠠ ᠪᠠᠷ ᠰᠢᠶᠳᠪᠦᠷᠢᠯᠡᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠪᠠ ᠪᠠᠲᠤᠯᠠᠬᠤ ᠬᠡᠷᠡᠭᠲᠡᠶ᠃ ᠲᠠᠯᠳᠠ ᠭᠡᠮ ᠢ ᠠᠷᠢᠯᠭᠠᠵᠤ᠂ ᠠᠬᠢᠴᠠ ᠶᠢ ᠵᠠᠪᠳᠤᠨ ᠠᠳᠬᠤᠬᠤ ᠶᠢᠨ ᠵᠡᠷᠭᠡᠴᠡᠭᠡᠪᠡᠷ ᠠᠶᠤᠯᠭᠦᠶ ᠦᠢᠯᠡᠳᠪᠦᠷᠢᠯᠡᠯ᠂ ᠪᠠᠷᠢᠯᠭ᠎ᠠ ᠶᠢᠨ ᠶᠠᠰᠤ ᠴᠢᠨᠠᠷ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠬᠦ ᠦᠭᠡᠢ ᠪᠠᠶᠢᠬᠤ ᠵᠡᠷᠭᠡ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ ᠬᠡᠷᠡᠭᠲᠡᠶ᠃    ᠲᠣᠭᠤᠷᠢᠭ ᠤᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                            ᠵᠢᠷᠤᠭ᠄ ᠴᠢᠶᠤᠤ ᠮᠢᠨ                            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2