ᠵᠢᠨᠢᠩ ᠲᠣᠭᠤᠷᠢᠭ ᠤᠨ ᠠᠷᠠᠳ ᠤᠨ  ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 11  ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/10
705470.jpg
     8 ᠰᠠᠷ᠎ᠠ ᠶᠢᠨ 9᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 11  ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ  ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠲᠧᠯᠸᠢᠰ  ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃       ᠬᠤᠷᠠᠯ ᠠᠴᠠ  ᠵᠢᠭᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠎ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠨ ᠵᠣᠪᠠᠨᠢᠬᠤ ᠤᠬᠠᠮᠰᠠᠷ ᠪᠠ  ᠬᠤᠷᠢᠭ᠎ᠠ ᠱᠤᠭᠤᠮ ᠤᠨ ᠰᠡᠳᠬᠢᠬᠦᠶ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠬᠦ ᠲᠠᠯ᠎ᠠ ᠪᠠᠷ ᠴᠢᠩᠭ᠎ᠠ ᠳᠠᠷᠤᠵᠤ ᠂ ᠦᠨᠡᠨᠬᠦ ᠠᠳᠬᠤᠨ ᠦᠨᠡᠨᠬᠦ ᠥᠭᠡᠷᠡᠴᠢᠯᠡᠵᠦ᠂ ᠠᠶᠤᠯ ᠲᠦᠭᠰᠢᠭᠦᠷᠢ ᠪᠣᠯᠤᠨ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠴᠢᠩᠭ᠎ᠠ ᠠᠷᠭ᠎ᠠ  ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃     ᠬᠤᠷᠠᠯ ᠠᠴᠠ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠪᠣᠯᠤᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠠᠴᠠ ᠬᠠᠯᠠᠭᠳᠠᠭᠰᠠᠳ ᠢ ᠪᠠᠲᠤᠯᠠᠬᠤ ᠬᠠᠤᠯᠢ︾᠎ ᠶᠢ ᠤᠯᠠᠮᠵᠢᠯᠠᠨ ᠰᠤᠷᠤᠯᠴᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ  ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠦᠵᠡᠯ ᠰᠠᠨᠠᠭ᠎ᠠ ᠪᠠᠨ ᠨᠢᠭᠡᠳᠬᠡᠨ᠂ ᠤᠯᠤᠰ ᠲᠥᠷᠥ ᠶᠢᠨ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ᠰᠢᠨ᠎ᠡ ᠶᠢ ᠡᠭᠦᠳᠬᠦ ᠰᠡᠳᠬᠢᠬᠦᠶ ᠪᠠᠷ ᠵᠠᠬᠢᠳᠠᠯ ᠰᠤᠷᠪᠤᠯᠵᠢᠯᠠᠭ᠎ᠠ ᠶᠢᠨ ᠪᠡᠷᠬᠡ ᠰᠡᠳᠦᠪ ᠢ ᠰᠢᠶᠳᠪᠦᠷᠢᠯᠡᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠷᠤᠮᠵᠢᠭᠤᠯᠬᠤ᠂ ᠬᠠᠤᠯᠢᠵᠢᠭᠤᠯᠬᠤ᠂ ᠳᠦᠷᠢᠮᠵᠢᠭᠦᠯᠬᠦ ᠬᠢᠷᠢ ᠲᠦᠪᠰᠢᠨ ᠢ ᠲᠠᠰᠤᠷᠠᠯᠲᠠ ᠦᠭᠡᠶ ᠳᠡᠭᠡᠭᠰᠢᠯᠡᠭᠦᠯᠬᠦ ᠬᠡᠷᠡᠭᠲᠡᠶ ᠃᡽ ᠤᠳᠤᠷᠢᠳᠤᠯᠭ᠎ᠠ ᠶᠢᠨ ᠬᠡᠷᠡᠭ ᠢ ᠳᠠᠭᠠᠭᠠᠴᠢᠯᠠᠬᠤ ᠲᠦᠷᠢᠮ ᠪᠠ ᠰᠤᠷᠪᠤᠯᠵᠢᠯᠠᠭ᠎ᠠ ᠶᠢ ᠬᠦᠯᠢᠶᠡᠨ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠵᠦ᠂ ᠵᠥᠷᠢᠴᠡᠯ ᠢ ᠡᠷᠲᠡ ᠰᠢᠶᠳᠪᠦᠷᠢᠯᠡᠬᠦ᠂ ᠦᠨᠳᠦᠰᠦᠨ ᠱᠠᠲᠤᠨ ᠳᠤ ᠰᠢᠶᠳᠪᠦᠷᠢᠯᠡᠬᠦ ᠪᠠᠷ ᠴᠢᠷᠮᠠᠶᠢᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠪᠣᠳᠠᠲᠠᠶ ᠪᠠᠷ ᠰᠢᠶᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠵᠥᠪ ᠴᠢᠭᠯᠡᠯ ᠢ ᠪᠠᠲᠤ ᠡᠵᠡᠮᠳᠡᠨ᠂ ᠲᠣᠭᠲᠠᠭᠠᠯ ᠶᠣᠰᠣᠭᠠᠷ ᠠᠵᠢᠯ ᠢᠶᠠᠨ ᠴᠢᠩᠭ᠎ᠠ ᠥᠷᠨᠢᠭᠦᠯᠵᠦ᠂ ᠴᠢᠩᠭ᠎ᠠ ᠬᠦᠴᠦᠲᠡᠶ ᠤᠯᠤᠰ ᠲᠥᠷᠥ ᠶᠢᠨ ᠡᠭᠦᠷᠭᠡᠯᠡᠯ ᠪᠠ ᠠᠵᠢᠯ ᠤᠨ ᠠᠷᠭ᠎ᠠ ᠬᠡᠮᠵᠢᠶ᠎ᠡ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾᠎ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡ ᠪᠠᠲᠤᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ᠂ ᠵᠢᠷᠤᠮᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠶ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2