ᠰᠤᠷᠭᠠᠨ ᠬᠥᠮᠦᠵᠢᠯ ᠤᠨ ᠶᠠᠮᠤᠨ ︽ᠤᠯᠤᠰ ᠤᠨ ᠰᠢᠯᠢᠳᠡᠭ ᠲᠥᠯᠥᠪᠯᠡᠭᠡ︾᠎ ᠶᠢ ᠬᠡᠷᠡᠭᠵᠢᠭᠦᠯᠪᠡ︕
ᠨᠡᠶᠢᠲᠡᠯᠡᠭᠰᠡᠨ ᠴᠠᠭ᠄
2023/8/16
        ᠤᠶᠢᠷ᠎ᠠ ᠳᠤ᠂ ᠰᠤᠷᠭᠠᠨ ᠬᠦᠮᠦᠵᠢᠯ ᠤᠨ ᠶᠠᠮᠤᠨ ︽ᠤᠯᠤᠰ ᠤᠨ  ᠰᠢᠯᠢᠳᠡᠭ  ᠲᠤᠮᠳᠠᠳᠤ  ᠪᠠᠭ᠎ᠠ  ᠰᠤᠷᠭᠠᠭᠤᠯᠢ ᠵᠢᠨ‌‍ᠪᠠᠭᠰᠢ ᠶᠢ ᠬᠦᠮᠦᠵᠢᠬᠦᠯᠬᠦ ᠲᠦᠯᠦᠪᠯᠡᠭᠡ ᠶᠢ ᠭᠡᠷᠡᠭᠵᠢᠬᠦᠯᠬᠦ ᠰᠠᠨᠠᠯ︾᠎ ᠢ ᠲᠠᠷᠤᠮᠠᠯᠯᠠᠨ ᠲᠠᠷᠬᠠᠭᠠᠪᠠ᠃  ︽ᠰᠠᠨᠠᠯ︾ ᠎ ᠳᠤ  2023ᠤᠨ ᠠᠴᠠ ᠡᠬᠢᠯᠡᠨ᠂ ᠤᠯᠤᠰ ᠠᠴᠠ ︽ᠬᠤᠤᠰ ᠲᠡᠷᠢᠬᠦᠨ ᠵᠡᠷᠭᠡ︾᠎ ᠶᠢᠨ ᠪᠦᠳᠦᠭᠡᠨ ᠪᠠᠶᠢᠭᠤᠯᠤᠯᠳᠠ ᠎ ᠪᠠᠷ  ᠲᠦᠯᠦᠬᠡᠯᠡᠬᠦᠯᠦᠭᠰᠡᠨ‌ᠦᠨᠳᠦᠷ ᠲᠦᠪᠰᠢᠨ ᠪᠦᠬᠦᠢ ᠶᠡᠭᠡ ᠲᠡᠭᠡᠳᠦ ᠰᠤᠷᠭᠠᠭᠤᠯᠢ ᠶᠢᠨ ᠲᠤᠰᠬᠠᠢ  ᠮᠡᠷᠭᠡᠵᠢᠯ ᠎ ᠤᠨ  ᠬᠢᠷᠢ  ᠪᠦᠳᠦᠮᠵᠢ ᠎ ᠪᠠᠷ  ᠰᠢᠯᠢᠳᠡᠭ‌ᠮᠦ᠋ᠷᠳᠡᠭᠡᠨ ᠵᠢᠭᠠᠨ ᠰᠤᠷᠭᠠᠯᠳᠠ ᠶᠢᠨ ᠠᠵᠢᠯ ᠳᠤ ᠲᠤᠷᠠᠳᠠᠢ ᠵᠢᠭᠠᠨ ᠰᠤᠷᠭᠠᠯᠳᠠ ᠶᠢᠨ ᠠᠵᠢᠯ ᠬᠢᠬᠦ ᠳᠤ ᠲᠤᠬᠢᠷᠠᠬᠤ ᠰᠤᠷᠤᠬᠴᠢ ᠵᠢ‌‍ᠰᠣᠩᠭᠤᠨ  ︽ᠤᠯᠤᠰ ‍ᠤᠨ‌‍ᠰᠢᠯᠢᠳᠡᠭ ᠲᠥᠯᠥᠪᠯᠡᠭᠡ︾᠎ ᠶᠢᠨ  ᠠᠰᠫᠢᠷᠠᠨᠲ  ᠪᠣᠯᠭᠠᠵᠤ᠂ ᠬᠢᠴᠢᠶᠡᠯ ᠲᠥᠷᠥᠯ ᠤᠨ   ᠲᠤᠰᠬᠠᠶ‌ᠮᠡᠷᠭᠡᠵᠢᠯ ᠤᠨ ᠬᠢᠴᠢᠶᠡᠯ ᠰᠤᠷᠤᠯᠴᠠᠯᠭ᠎ᠠ ᠶᠢ ᠴᠢᠩᠭᠠᠳᠬᠠᠬᠤ ᠶᠢᠨ  ᠬᠠᠮᠲᠤ  ᠪᠠᠭᠰᠢ ᠶᠢᠨ  ᠵᠢᠭᠠᠨ  ᠰᠤᠷᠭᠠᠯᠳᠠ ᠶᠢᠨ ᠬᠢᠴᠢᠶᠡᠯ‌‍ᠬᠥ᠋ᠮᠦᠵᠢᠯ ︵ᠬᠢᠴᠢᠶᠡᠯ ᠬᠥᠮᠦᠵᠢᠯ ᠤᠨ ᠦᠢᠯᠡᠳᠦᠯᠭᠡ ᠳᠤ ᠣᠷᠣᠯᠴᠠᠬᠤ ᠪᠠᠭᠲᠠᠨ᠎ᠠ︶᠎ ᠢ ᠰᠢᠰᠲ᠋ᠧᠮ ᠲᠠᠢ ᠰᠤᠷᠤᠯᠴᠠᠵᠤ᠂  ᠳᠤᠮᠳᠠᠳᠤ ᠪᠠᠭ᠎ᠠ ᠰᠤᠷᠭᠠᠭᠤᠯᠢ ᠳᠤ ᠰᠤᠷᠭᠠᠨ ᠬᠥᠮᠦᠵᠢᠯ ᠳᠤ ᠬᠦᠨ ᠬᠠᠶᠢᠷ᠎ᠠ ᠰᠡᠳᠬᠢᠯᠭᠡ ᠎ ᠲᠠᠢ᠂ ᠲᠤᠰᠬᠠᠶ ᠮᠡᠷᠭᠡᠵᠢᠯ ᠤᠨ  ᠬᠡᠪ  ᠪᠣᠯᠪᠠᠰᠤᠷᠠᠯ‌‍ᠰᠠᠶᠢᠳᠠᠢ᠂ ᠵᠢᠭᠠᠨ ᠰᠤᠷᠭᠠᠯᠲᠠ ᠶᠢᠨ ᠦᠨᠳᠦᠰᠦᠨ  ᠪᠣᠯᠪᠠᠰᠤᠷᠠᠯ  ᠯᠠᠪᠳᠠᠭᠤᠨ  ᠪᠠᠳᠤ  ᠨᠢᠭᠡ  ᠪᠦᠯᠦᠭ  ᠰᠢᠯᠢᠳᠡᠭ  ᠪᠠᠭᠰᠢ ᠶᠢ ᠬᠥᠮᠦᠵᠢᠭᠦᠯᠵᠦ ᠦᠭᠭᠦᠨ᠎ᠡ ᠭᠡᠵᠦ ᠲᠤᠷᠠᠳᠪᠠ᠃            ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠦᠷᠦᠭᠦᠦ ᠪᠦᠯᠦᠭ  ᠲᠤᠷᠰᠢᠯᠲᠠ ᠎ ᠶᠢᠨ  ᠴᠢᠬ ᠨᠢ  30  ︽ᠬᠤᠤᠰ ᠲᠡᠷᠢᠭᠦᠨ ᠵᠡᠷᠭᠡ︾᠎ ᠶᠢᠨ ᠪᠥᠲᠥᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢᠨ ᠬᠥᠮᠦᠵᠢᠭᠦᠯᠬᠦ ᠡᠭᠦᠷᠭᠡ ᠡᠭᠦᠷᠭᠡᠯᠡᠬᠦ ᠶᠢ ᠳᠡᠮᠵᠢᠵᠦ᠂ ᠵᠢᠯ ᠪᠦᠷᠢ ᠰᠤᠷᠭᠠᠭᠤᠯᠢ  ᠨᠢᠭᠡᠪᠦᠷᠢ  30᠎ ᠠᠴᠠ  ᠳᠡᠭᠡᠭᠰᠢ  ᠰᠢᠯᠢᠳᠡᠭ  ᠪᠠᠶᠢᠭᠠᠯᠢ ᠶᠢᠨ ᠰᠢᠨᠵᠢᠯᠡᠬᠦ ᠤᠬᠠᠭᠠᠨ ‍ᠤ‌‍ᠰᠠᠯᠠᠭ᠎ᠠ ᠶᠢᠨ ᠲᠣᠰ ᠬᠤᠭᠤᠴᠠᠭᠠᠨ ᠤ ᠵᠢᠩᠬᠢᠨᠢ ᠠᠩᠭᠢ ᠲᠡᠭᠦᠰᠦᠭᠰᠡᠳ ᠢ ᠰᠣᠩᠭᠤᠨ ᠲᠠᠨᠢᠯᠴᠠᠭᠤᠯᠬᠤ ᠪᠠᠷ ᠳᠡᠮᠵᠢᠨ ᠪᠠᠶᠢᠭᠠᠯᠢ ᠵᠢᠨ‌‍ᠰᠢᠨᠵᠢᠯᠡᠬᠦ ᠤᠬᠠᠭᠠᠨ᠂ ᠲᠧᠭᠨᠢᠭ ᠤᠨ ᠤᠬᠠᠭᠠᠨ ᠤ ᠲᠥᠷᠥᠯ ᠤᠨ ᠠᠰᠫᠢᠷᠠᠨᠲ ᠪᠤᠶᠤ ᠰᠤᠷᠭᠠᠨ ᠬᠥᠮᠦᠵᠢᠯ ᠤᠨ  ᠮᠠᠰᠲ᠋ᠧᠷ ᠵᠶ᠋ᠠᠷ‌‍ᠰᠤᠷᠤᠯᠴᠠᠭᠤᠯᠵᠤ᠂  ᠡᠭᠦᠨ ᠤ  ᠬᠠᠮᠲᠤ  ᠪᠠᠶᠢᠭᠠᠯᠢ ᠶᠢᠨ ᠰᠢᠨᠵᠢᠯᠡᠬᠦ  ᠤᠬᠠᠭᠠᠨ᠂  ᠲᠧᠭᠨᠢᠭ ᠤᠨ  ᠤᠬᠠᠭᠠᠨ ᠤ  ᠲᠥᠷᠥᠯ ‍ᠤᠨ‌ᠠᠰᠫᠢᠷᠠᠨᠲ ᠢ ᠬᠤᠶᠠᠳᠠᠬᠢ ᠤᠳᠠᠭ᠎ᠠ ᠰᠢᠯᠢᠨ ᠰᠣᠩᠭᠤᠵᠤ᠂ ᠳᠤᠮᠳᠠᠳᠤ ᠪᠠᠭ᠎ᠠ ᠰᠤᠷᠭᠠᠭᠤᠯᠢ ᠳᠤ ᠨᠢᠭᠡ ᠪᠦᠯᠦᠭ ᠠᠰᠫᠢᠷᠠᠨᠲ ‍ᠤᠨ‌‍ᠲ᠋ᠠᠰ ᠪᠦᠬᠦᠢ ᠥᠨᠳᠥᠷ ᠬᠡᠪ ᠴᠢᠨᠠᠷ ᠲᠠᠢ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ  ᠪᠠᠭᠰᠢ ᠶᠢ  ᠭᠤᠤᠯᠳᠠᠯᠭ᠎ᠠ ᠲᠠᠢ‌‍ᠬᠥ᠋ᠮᠦᠵᠢᠭᠦᠯᠬᠦ ᠪᠣᠯᠤᠨ᠎ᠠ᠃            ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠬᠠᠷᠢᠭᠤᠴᠠᠯᠭᠠᠲᠠᠨ  ᠲᠠᠨᠢᠯᠴᠠᠭᠤᠯᠤᠨ ᠬᠡᠯᠡᠬᠦ ᠎ ᠳᠡᠭᠡᠨ᠂ ︽ᠤᠯᠤᠰ ᠤᠨ ᠰᠢᠯᠢᠳᠡᠭ ᠲᠥᠯᠥᠪᠯᠡᠭᠡ︾᠎ ᠶᠢᠨ ᠲᠦᠷᠦᠭᠦᠦ  ᠪᠦᠯᠦᠭ  ᠲᠤᠷᠰᠢᠯᠲᠠ ᠶᠢᠨ  ᠴᠢᠬ ᠎ ᠨᠢ  ᠪᠡᠭᠡᠵᠢᠩ  ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ᠂ ᠹᠦᠳᠠᠨ  ᠶᠡᠭᠡ  ᠰᠤᠷᠭᠠᠭᠤᠯᠢ᠂  ᠱᠠᠩᠬᠠᠶ ᠶᠢᠨ  ᠵᠠᠮ  ᠬᠠᠷᠢᠯᠴᠠᠭᠠᠨ ᠤ  ᠶᠡᠭᠡ ᠰᠤᠷᠭᠠᠭᠤᠯᠢ ᠵᠡᠷᠭᠡ ︽ᠬᠤᠤᠰ ᠲᠡᠷᠢᠭᠦᠨ ᠵᠡᠷᠭᠡ︾᠎ ᠶᠢᠨ ᠪᠥᠲᠥᠭᠡᠨ ᠪᠠᠶᠢᠭᠤᠯᠤᠯᠲᠠ ᠶᠢᠨ 30 ᠶᠡᠭᠡ  ᠳᠡᠭᠡᠳᠦ  ᠰᠤᠷᠭᠠᠭᠤᠯᠢ ᠵᠢ‌‍ᠲ᠋ᠡᠮᠵᠢᠵᠦ  ᠬᠥᠮᠦᠵᠢᠭᠦᠯᠬᠦ  ᠡᠭᠦᠷᠭᠡ ᠶᠢ  ᠡᠭᠦᠷᠭᠡᠯᠡᠬᠦᠯᠪᠡ᠃  ᠲᠤᠷᠰᠢᠯᠲᠠ ᠶᠢᠨ  ᠴᠢᠬ ᠤᠨ  ᠶᠡᠭᠡ  ᠳᠡᠭᠡᠳᠦ   ᠰᠤᠷᠭᠠᠭᠤᠯᠢ ᠨᠢ‌‍ᠱᠠᠭᠠᠷᠳᠠᠯᠭ᠎ᠠ ᠶᠣᠰᠣᠭᠠᠷ  ᠬᠡᠷᠡᠭᠵᠢᠭᠦᠯᠬᠦ  ᠲᠥᠰᠦᠯ  ᠳᠤᠷᠠᠳᠴᠤ  ᠰᠤᠷᠭᠠᠨ  ᠬᠥᠮᠦᠵᠢᠯ ᠤᠨ  ᠶᠠᠮᠤᠨ ᠳᠤ  ᠮᠡᠳᠡᠭᠦᠯᠦᠨ  ᠬᠢᠨᠠᠨ‌ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ 2023 ᠣᠨ ᠤ 9  ᠰᠠᠷ᠎ᠠ ᠳᠤ  ᠡᠬᠢᠯᠡᠨ  ᠬᠡᠷᠡᠭᠵᠢᠭᠦᠯᠵᠦ᠂  ᠲᠦᠷᠦᠭᠦᠦ ᠪᠦᠯᠦᠭ ︽ᠤᠯᠤᠰ ᠤᠨ ᠰᠢᠯᠢᠳᠡᠭ ᠲᠥᠯᠥᠪᠯᠡᠭᠡ︾᠎ ᠶᠢᠨ ᠠᠰᠫᠢᠷᠠᠨᠲ ᠬᠥᠮᠦᠵᠢᠭᠦᠯᠬᠦ ᠠᠵᠢᠯ ᠢ ᠥᠷᠨᠢᠭᠦᠯᠦᠨ᠎ᠡ ᠬᠡᠪᠡ᠃
 
ᠢᠷᠡᠯᠲᠡ᠄ ᠦᠪᠦᠷ ᠮᠤᠡᠭᠭᠤᠯ  ᠤᠨ ᠰᠤᠷᠭᠠᠨ ᠬᠦᠮᠦᠵᠢᠯ ᠦᠨ ᠲᠢᠡᠭᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2