ᠵᠣᠨ ᠤ ᠠᠮᠠᠷᠠᠯᠲᠠ ᠳᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠳᠤ ᠶᠠᠭᠤ ᠶᠢ ᠠᠩᠬᠠᠷᠬᠤ ᠪᠣᠶ︖
ᠨᠡᠶᠢᠲᠡᠯᠡᠭᠰᠡᠨ ᠴᠠᠭ᠄
2023/8/2
        ᠵᠣᠨ ᠤ ᠠᠮᠠᠷᠠᠯᠲᠠ ᠶᠢᠨ ᠬᠤᠭᠤᠴᠠᠭᠠᠨ ᠳᠤ ᠬᠡᠦᠬᠡᠳ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ᠂ ᠵᠢᠮ᠎ᠡ ᠶᠣᠰᠣ ᠲᠠᠢ ᠠᠵᠢᠯᠯᠠᠵᠤ ᠠᠮᠠᠷᠠᠬᠤ ᠶᠢ ᠬᠥᠲᠥᠯᠥᠨ ᠵᠢᠯᠣᠭᠤᠳᠴᠤ᠂ ᠣᠶᠢᠷ᠎ᠠ ᠬᠠᠷᠠᠭ᠎ᠠ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠬᠦ ᠶᠢᠨ ᠲᠥᠯᠥᠭᠡ᠂ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠡᠨᠡ ᠵᠢᠯ ᠤᠨ 1 ᠰᠠᠷ᠎ᠠ ᠳᠤ ᠨᠡᠶᠢᠲᠡᠯᠡᠭᠰᠡᠨ ︽ᠡᠪᠦᠯ ᠤᠨ ᠠᠮᠠᠷᠠᠯᠲᠠ ᠶᠢᠨ ᠣᠯᠠᠨ ᠪᠠᠶᠢᠳᠠᠯ ᠳᠠᠬᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠰᠠᠭᠤᠯᠲᠠ ᠬᠠᠷᠢᠭᠤᠯᠲᠠ︾᠎ ᠶᠢᠨ ᠰᠠᠭᠤᠷᠢᠨ ᠳᠡᠭᠡᠷ᠎ᠡ ︽2023 ᠣᠨ ᠤ ᠵᠣᠨ ᠤ ᠠᠮᠠᠷᠠᠯᠲᠠ ᠶᠢᠨ ᠣᠯᠠᠨ ᠪᠠᠶᠢᠳᠠᠯ ᠳᠠᠬᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠬᠤᠷᠢᠨ ᠠᠰᠠᠭᠤᠯᠲᠠ ᠬᠠᠷᠢᠭᠤᠯᠲᠠ︾᠎ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠡᠦᠬᠡᠳ ᠵᠠᠯᠠᠭᠤᠴᠤᠳ ᠪᠠᠭᠠᠴᠤᠳ ᠪᠣᠯᠤᠨ ᠬᠡᠷ ᠤᠨ ᠠᠬᠠᠮᠠᠳ ᠤᠨ ᠮᠠᠲᠠᠭ ᠢ ᠳᠡᠶᠢᠯᠵᠦ᠂ ᠵᠢᠯᠣᠭᠤᠳᠣᠯᠭ᠎ᠠ ᠬᠠᠩᠭᠠᠪᠠ᠃ ᠬᠠᠮᠲᠤ ᠳᠤ ᠪᠠᠨ ᠣᠶᠢᠯᠠᠭᠠᠵᠠᠭᠠᠶ᠎ᠠ︕        ᠬᠠᠷᠠᠭ᠎ᠠ ᠵᠠᠯᠠᠷᠠᠭᠤᠯᠬᠤ ᠶᠢ ᠬᠠᠮᠢᠶᠠᠷᠬᠤ᠄ ᠠᠬᠢᠴᠠ ᠶᠢ ᠡᠵᠡᠮᠳᠡᠵᠦ᠂ ᠳᠠᠬᠢᠨ ᠪᠠᠶᠢᠴᠠᠭᠠᠯᠲᠠ ᠶᠢ ᠰᠠᠶᠢᠨ ᠬᠢᠨ᠎ᠡ ᠠᠷᠪᠠᠨ ᠨᠠᠶᠢᠮᠠ᠂ ᠬᠡᠷᠪᠡ ᠣᠶᠢᠷ᠎ᠠ ᠬᠠᠷᠠᠭ᠎ᠠ ᠪᠤᠶᠤ ᠣᠶᠢᠷ᠎ᠠ ᠬᠠᠷᠠᠭᠠᠨ ᠤ ᠠᠬᠢᠴᠠ ᠬᠡᠳᠦ ᠲᠦᠷᠭᠡᠨ ᠪᠠᠶᠢᠬᠤ ᠶᠢ ᠣᠯᠵᠤ ᠮᠡᠳᠡᠪᠡᠯ ᠶᠠᠭᠠᠬᠢᠬᠤ ᠪᠣᠢ︖ ᠵᠢᠩᠬᠢᠨᠢ ᠨᠢᠳᠦᠨ ᠰᠠᠯᠠᠭᠠᠨ ᠤ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠪᠠᠶᠢᠴᠠᠭᠠᠯᠭᠠᠨ᠂ ᠡᠮᠴᠢ ᠶᠢᠨ ᠰᠠᠨᠠᠭᠤᠯᠭ᠎ᠠ ᠶᠢ ᠦᠨᠳᠦᠰᠦᠯᠡᠨ ᠰᠣᠷᠮᠤᠤᠰᠤᠯᠢᠭ ᠪᠤᠯᠴᠢᠩ ᠢ ᠮᠢᠨᠴᠦᠷᠡᠭᠦᠯᠦᠨ ᠬᠠᠷᠠᠭ᠎ᠠ ᠰᠢᠯᠭᠠᠵᠤ᠂ ᠡᠮᠴᠢ ᠶᠢᠨ ᠵᠢᠭᠠᠪᠤᠷᠢ ᠪᠠᠷ ᠰᠢᠨᠵᠢᠯᠡᠬᠦ ᠤᠬᠠᠭᠠᠨᠴᠢ ᠪᠠᠷ ᠵᠠᠰᠠᠭᠤᠯᠤᠨ᠎ᠠ᠂ ᠣᠶᠢᠷ᠎ᠠ ᠬᠠᠷᠠᠭ᠎ᠠ ᠶᠢ ᠵᠠᠰᠠᠵᠤ ᠡᠳᠡᠭᠡᠷᠡᠭᠦᠯᠦᠨ᠎ᠡ ᠭᠡᠬᠦ ᠬᠤᠳᠠᠯ ᠬᠠᠭᠤᠷᠮᠠᠭ ᠤᠬᠠᠭᠤᠯᠭ᠎ᠠ ᠶᠢ ᠢᠲᠡᠭᠡᠵᠦ ᠪᠣᠯᠬᠤ ᠥᠬᠡᠶ᠃ ᠣᠳᠣᠬᠠᠨ ᠳᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠠᠷᠭ᠎ᠠ ᠪᠠᠷᠢᠯ ᠳᠤ ᠡᠩ ᠤᠨ ᠨᠢᠳᠦᠨ ᠰᠢᠯ᠂ ᠴᠢᠳᠠᠮᠵᠢᠲᠤ ᠨᠢᠳᠦᠨ ᠰᠢᠯ᠂ ᠡᠪᠡᠷᠯᠢᠭ ᠪᠦᠷᠬᠦᠪᠴᠢ ᠶᠢᠨ ᠬᠡᠪᠰᠢᠮᠡᠭᠡᠶ ᠨᠢᠳᠦᠨ ᠰᠢᠯ ︵OK ᠰᠢᠯ︶ ᠵᠡᠭᠦᠬᠦ᠂ ᠳᠤᠤᠷ᠎ᠠ ᠥᠳᠬᠡᠴᠡ ᠲᠠᠢ ᠠ ᠲᠦᠸᠧ ᠫᠢᠨ ᠨᠢᠳᠦᠨ ᠳᠤ ᠳᠤᠰᠤᠭᠠᠬᠤ ᠰᠢᠩᠭᠡᠨ ᠡᠮ ᠢ ᠬᠡᠷᠡᠭᠯᠡᠬᠦ ᠵᠡᠷᠭᠡ ᠪᠣᠶ᠃ ᠡᠳᠡᠭᠡᠷ ᠠᠷᠭ᠎ᠠ ᠨᠢ ᠣᠶᠢᠷ᠎ᠠ ᠬᠠᠷᠠᠭᠠᠨ ᠤ ᠠᠬᠢᠴᠠ ᠶᠢ ᠬᠤᠷᠢᠭᠯᠠᠬᠤ ᠲᠠᠯ᠎ᠠ ᠪᠠᠷ ᠵᠣᠬᠢᠬᠤ ᠦᠷ᠎ᠡ ᠪᠦᠲᠦᠮᠵᠢ ᠲᠠᠢ ᠪᠠᠶᠢᠵᠤ᠂ ᠡᠮᠴᠢ ᠶᠢᠨ ᠵᠢᠯᠣᠭᠤᠳᠤᠯᠭ᠎ᠠ ᠪᠠᠷ ᠰᠣᠩᠭᠤᠬᠤ ᠪᠠ ᠬᠡᠷᠡᠭᠯᠡᠵᠦ᠂ ᠲᠣᠭᠲᠠᠮᠠᠯ ᠬᠤᠭᠤᠴᠠᠭ᠎ᠠ ᠲᠠᠢ ᠳᠠᠬᠢᠨ ᠪᠠᠶᠢᠴᠠᠭᠠᠯᠭᠠᠬᠤ ᠬᠡᠷᠡᠭᠲᠡᠢ᠃ ᠠᠷᠪᠠ ᠶᠢᠰᠦ᠂ ᠬᠡᠷᠪᠡ ᠳᠡᠭᠡᠳᠦ ᠳᠡᠰ ᠤᠨ ᠣᠶᠢᠷ᠎ᠠ ᠬᠠᠷᠠᠭ᠎ᠠ ᠲᠠᠢ ᠪᠣᠯᠤᠭᠰᠠᠨ ᠪᠣᠯ ᠶᠠᠭᠤ ᠶᠢ ᠠᠩᠬᠠᠷᠬᠤ ᠴᠢᠬᠤᠯᠠᠲᠠᠶ ᠪᠣᠶ︖ ᠳᠡᠭᠡᠳᠦ ᠳᠡᠰ ᠤᠨ ᠣᠶᠢᠷ᠎ᠠ ᠬᠠᠷᠠᠭ᠎ᠠ ᠶᠢ ᠵᠠᠷᠢᠮ ᠳᠠᠪᠬᠤᠴᠠᠭᠰᠠᠨ ᠡᠪᠡᠳᠴᠢᠨ ᠳᠠᠭᠠᠯᠳᠤᠳᠠᠭ᠂ ᠵᠢᠱᠢᠶᠡᠯᠡᠪᠡᠯ ᠨᠢᠳᠦᠨ ᠤ ᠲᠣᠣᠷᠯᠢᠭ ᠪᠦᠷᠬᠦᠪᠴᠢ ᠶᠢᠨ ᠰᠤᠳᠠᠯ ᠤᠨ ᠪᠦᠷᠬᠦᠪᠴᠢ ᠠᠪᠴᠢᠬᠤ᠂ ᠨᠢᠳᠦᠨ ᠤ ᠲᠣᠣᠷᠯᠢᠭ ᠪᠦᠷᠬᠦᠪᠴᠢ ᠰᠠᠯᠬᠤ᠂ ᠨᠢᠳᠦᠨ ᠤ ᠲᠣᠣᠷᠯᠢᠭ ᠪᠦᠷᠬᠦᠪᠴᠢ ᠬᠠᠭᠠᠷᠠᠬᠤ᠂ ᠰᠢᠷ᠎ᠠ ᠲᠣᠯᠪᠤ ᠶᠢᠨ ᠠᠩᠭᠠᠷᠬᠠᠢ᠂ ᠳᠡᠭᠡᠳᠦ ᠳᠡᠰ ᠤᠨ ᠣᠶᠢᠷ᠎ᠠ ᠬᠠᠷᠠᠭᠠᠨ ᠤ ᠴᠢᠨᠠᠷᠲᠠᠢ ᠰᠤᠳᠠᠯ ᠤᠨ ᠲᠣᠣᠷᠯᠢᠭ ᠪᠦᠷᠬᠦᠪᠴᠢ ᠳᠤ ᠰᠢᠨ᠎ᠡ ᠪᠠᠷ ᠪᠣᠢ ᠪᠣᠯᠤᠭᠰᠠᠨ ᠴᠢᠰᠤᠨ ᠰᠤᠳᠠᠯ᠂ ᠠᠷᠤ ᠤᠭᠤᠷᠠᠭᠯᠢᠭ ᠪᠦᠷᠬᠦᠪᠴᠢ ᠶᠢᠨ ᠦᠵᠦᠮᠯᠢᠭ ᠬᠠᠪᠤᠳᠠᠷ᠂ ᠰᠢᠷ᠎ᠠ ᠲᠣᠯᠪᠤ ᠶᠢᠨ ᠴᠢᠨᠠᠷ ᠤᠨ ᠬᠤᠪᠢᠷᠠᠯᠲᠠ᠂ ᠰᠢᠷ᠎ᠠ ᠲᠣᠯᠪᠤ ᠶᠢᠨ ᠡᠮᠦᠨ᠎ᠡ ᠪᠦᠷᠬᠦᠪᠴᠢ᠂ ᠴᠠᠭᠠᠨ ᠬᠠᠷᠠᠩ᠂ ᠴᠡᠩᠬᠡᠷ ᠬᠠᠷᠠᠩ ᠵᠡᠷᠭᠡ ᠪᠣᠢ᠃ ᠳᠡᠭᠡᠳᠦ ᠳᠡᠰ ᠤᠨ ᠣᠶᠢᠷ᠎ᠠ ᠬᠠᠷᠠᠭᠠᠨ ᠤ ᠬᠠᠮᠢᠶ᠎ᠠ ᠪᠥᠬᠦᠶ ᠳᠠᠪᠬᠤᠴᠠᠭᠰᠠᠨ ᠡᠪᠡᠳᠴᠢᠨ ᠪᠣᠯ ᠵᠠᠰᠠᠵᠤ ᠪᠣᠯᠤᠰᠢ ᠦᠭᠡᠢ ᠰᠣᠬᠤᠷ ᠪᠠ ᠮᠠᠭᠤᠳᠠᠭᠰᠠᠨ ᠬᠠᠷᠠᠭ᠎ᠠ ᠲᠠᠢ ᠪᠣᠯᠭᠠᠭᠰᠠᠨ ᠭᠤᠤᠯ ᠰᠢᠯᠲᠠᠭᠠᠨ ᠤ ᠨᠢᠭᠡ ᠮᠥᠨ᠂ ᠡᠭᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠲᠠᠮᠠᠯ ᠬᠤᠭᠤᠴᠠᠭ᠎ᠠ ᠲᠠᠢ ᠨᠢᠳᠦᠨ ᠤ ᠪᠠᠶᠢᠴᠠᠭᠠᠯᠲᠠ ᠬᠢᠬᠦ ᠬᠡᠷᠡᠭᠲᠡᠶ᠃ ᠳᠡᠭᠡᠳᠦ ᠳᠡᠰ ᠤᠨ ᠣᠶᠢᠷ᠎ᠠ ᠬᠠᠷᠠᠭ᠎ᠠ ᠲᠠᠢ ᠬᠥᠮᠦᠰ ᠬᠥᠳᠡᠯᠭᠡᠭᠡᠨ ᠬᠢᠬᠦ ᠳᠤ ᠪᠠᠨ ᠰᠢᠷᠦᠭᠦᠨ ᠮᠥᠷᠭᠦᠯᠲᠡ ᠠᠴᠠ ᠬᠢᠴᠢᠶᠡᠵᠦ᠂ ᠦᠰᠦᠷᠬᠦ᠂ ᠤᠰᠤᠨ ᠳᠤ ᠬᠠᠷᠠᠶᠢᠬᠤ᠂ ᠤᠰᠤᠨ ᠳᠤ ᠤᠮᠪᠠᠭ᠋ᠤ ᠵᠡᠷᠭᠡ ᠬᠥᠳᠡᠯᠭᠡᠭᠡᠨ ᠳᠤ ᠣᠷᠣᠯᠴᠠᠵᠤ ᠪᠣᠯᠬᠤ ᠦᠭᠡᠢ᠃  ᠬᠤᠷᠢ᠂ ᠯᠠᠶᠢᠰᠧᠷ ᠮᠡᠰᠡ ᠵᠠᠰᠠᠯ ᠨᠢ ᠣᠶᠢᠷ᠎ᠠ ᠬᠠᠷᠠᠭ᠎ᠠ ᠶᠢ ᠵᠠᠰᠠᠵᠤ ᠲᠠᠶᠢᠯᠤᠨ᠎ᠠ ᠦᠦ︖ ᠵᠣᠨ ᠤ ᠠᠮᠠᠷᠠᠯᠲᠠ ᠶᠢᠨ ᠬᠤᠭᠤᠴᠠᠭᠠᠨ ᠳᠤ᠂ ᠵᠠᠷᠢᠮ ᠰᠣᠷᠣᠭᠴᠢ ᠯᠠᠶᠢᠰᠧᠷ ᠮᠡᠰᠡ ᠵᠠᠰᠠᠯ ᠢᠶᠠᠷ ᠳᠡᠮᠵᠢᠨ︽ᠨᠢᠳᠦᠨ ᠰᠢᠯ ᠪᠠᠨ ᠠᠪᠬᠤ ᠬᠠᠶᠠᠬᠤ︾᠎ ᠶᠢ ᠪᠣᠳᠣᠳᠠᠭ᠃ ᠭᠡᠲᠡᠯ᠎ᠡ᠂ ᠯᠠᠶᠢᠰᠧᠷ ᠮᠡᠰᠡ ᠵᠠᠰᠠᠯ ᠬᠢᠬᠦ ᠳᠤ ᠮᠡᠰᠡ ᠵᠠᠰᠠᠯ ᠳᠤ ᠳᠣᠭᠢᠷᠠᠬᠤ ᠡᠪᠡᠳᠴᠢᠨ ᠤ ᠢᠯᠡᠷᠡᠯ ᠲᠠᠢ ᠪᠠᠶᠢᠵᠤ᠂ ᠵᠢᠩᠬᠢᠨᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠬᠠᠮᠢᠶ᠎ᠠ ᠪᠥᠬᠦᠶ ᠪᠠᠶᠢᠴᠠᠭᠠᠯᠲᠠ ᠪᠠᠷ ᠳᠡᠮᠵᠢᠨ ᠰᠢᠨᠵᠢᠯᠡᠬᠦ ᠤᠬᠠᠭᠠᠨᠴᠢ ᠪᠠᠷ ᠦᠨᠡᠯᠡᠬᠦ ᠬᠡᠷᠡᠭᠲᠡᠶ᠃ ᠯᠠᠶᠢᠰᠧᠷ ᠮᠡᠰᠡ ᠵᠠᠰᠠᠯ ᠬᠡᠳᠦ᠋ᠢᠪᠡᠷ ᠣᠶᠢᠷ᠎ᠠ ᠬᠠᠷᠠᠭ᠎ᠠ ᠠᠴᠠ ᠪᠣᠯᠤᠭᠰᠠᠨ ᠬᠠᠷᠠᠭᠠᠨ ᠤ ᠠᠰᠠᠭᠤᠳᠠᠯ ᠢ ᠰᠢᠢᠳᠪᠦᠷᠢᠯᠡᠬᠦ ᠪᠣᠯᠪᠠᠴᠤ ᠣᠶᠢᠷ᠎ᠠ ᠬᠠᠷᠠᠭ᠎ᠠ ᠠᠴᠠ ᠪᠣᠯᠤᠭᠰᠠᠨ ᠨᠢᠳᠦᠨ ᠴᠡᠴᠡᠭᠡᠶ ᠶᠢᠨ ᠪᠦᠲᠦᠴᠡ ᠶᠢᠨ ᠬᠤᠪᠢᠷᠠᠯᠲᠠ ᠶᠢ ᠬᠤᠪᠢᠷᠠᠭᠤᠯᠵᠤ ᠳᠡᠶᠢᠯᠬᠦ ᠦᠭᠡᠢ᠂ ᠣᠨᠴᠠᠭᠠᠶᠢᠯᠠᠨ ᠨᠢᠳᠦᠨ ᠢᠷᠤᠭᠠᠷ ᠤᠨ ᠬᠤᠪᠢᠷᠠᠯᠲᠠ ᠶᠢ ᠵᠠᠰᠠᠵᠤ ᠳᠡᠶᠢᠯᠬᠦ ᠦᠭᠡᠢ᠃ ᠮᠡᠰᠡ ᠵᠠᠰᠠᠯ ‍ᠤᠨ‌‍ᠲ᠋ᠠᠷᠠᠭ᠎ᠠ ᠮᠥᠨ ᠯᠡ ᠨᠢᠳᠦ ᠬᠡᠷᠡᠭᠯᠡᠬᠦ ᠡᠷᠡᠭᠦᠯ ᠬᠠᠮᠠᠭᠠᠯᠠᠯ ᠪᠠ ᠳᠠᠳᠬᠠᠯ ᠢ ᠠᠩᠬᠠᠷᠴᠤ᠂ ᠣᠶᠢᠷ᠎ᠠ ᠵᠠᠶ ᠠᠴᠠ ᠨᠢᠳᠦ ᠬᠡᠷᠡᠭᠯᠡᠬᠦ ᠶᠢ ᠪᠠᠭᠠᠰᠬᠠᠵᠤ᠂ ᠬᠠᠷᠠᠭ᠎ᠠ ᠶᠢ ᠶᠠᠳᠠᠷᠠᠭᠤᠯᠬᠤ ᠠᠴᠠ ᠵᠠᠶᠢᠯᠠᠰᠬᠢᠨ᠂ ᠬᠠᠷᠠᠭᠠᠨ ᠤ ᠪᠠᠶᠢᠳᠠᠯ ᠢ ᠠᠩᠬᠠᠷᠴᠤ᠂ ᠲᠣᠭᠲᠠᠮᠠᠯ ᠬᠤᠭᠤᠴᠠᠭ᠎ᠠ ᠲᠠᠢ ᠳᠠᠬᠢᠨ ᠪᠠᠶᠢᠴᠠᠭᠠᠯᠭᠠᠨ᠎ᠠ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2