ᠰᠠᠶᠢᠨ ᠴᠢᠮᠡᠭᠡ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠠᠯᠭᠠᠭᠤᠯᠬᠤ ᠳᠤ ᠠᠶᠢᠮᠠᠭ ᠬᠤᠲᠠ ᠶᠢᠨ ᠬᠤᠭᠤᠷᠣᠨᠳᠦ ᠭᠤᠶᠤᠴᠢᠯᠠᠯ ᠭᠠᠷᠭᠠᠬᠤ ᠠᠴᠠ ᠭᠡᠯᠳᠦᠷᠢᠭᠦᠯᠦᠨ᠎ᠡ
ᠨᠡᠶᠢᠲᠡᠯᠡᠭᠰᠡᠨ ᠴᠠᠭ᠄
2023/8/29
        8 ᠰᠠᠷ᠎ᠠ ᠶᠢᠨ 21᠎ ᠤ ᠡᠳᠦᠷ ᠠᠴᠠ ᠡᠬᠢᠯᠡᠨ᠂ ᠬᠥᠬᠡᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ‌‍ᠤ ᠲᠥᠪ ᠨᠢ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠣᠰᠣᠭᠠᠷ ᠥᠪᠥᠷ  ᠮᠣᠩᠭᠤᠯ ᠤᠨ  ᠥᠪᠡᠷᠲᠡᠭᠡᠨ  ᠵᠠᠰᠠᠬᠤ ᠣᠷᠣᠨ ᠤ ᠳᠣᠲᠣᠷᠠᠬᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠠᠯᠭᠠᠭᠤᠯᠬᠤ ᠳᠤ ᠭᠤᠶᠤᠴᠢᠯᠠᠯ ᠭᠠᠷᠭᠠᠬᠤ ᠠᠴᠠ ᠭᠡᠯᠳᠦᠷᠢᠭᠦᠯᠦᠨ᠎ᠡ᠃ ᠥᠭᠡᠷ᠎ᠡ ᠪᠠᠷ  ᠬᠡᠯᠡᠪᠡᠯ᠂  ᠳᠠᠭᠠᠳᠬᠠᠯ ᠳᠤ  ᠣᠷᠣᠯᠴᠠᠭᠰᠠᠨ  ᠠᠵᠢᠯᠲᠠᠨ‌ᠠᠵᠢᠯᠴᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠳᠠᠭᠠᠳᠬᠠᠯ ᠳᠤ  ᠣᠷᠣᠯᠴᠠᠭᠰᠠᠨ  ᠭᠠᠵᠠᠷ ᠵᠶ᠋ᠠᠨ‌ᠬᠤᠪᠢᠷᠠᠭᠤᠯᠬᠤ ᠭᠡᠪᠡᠯ᠂  ︽ᠣᠷᠣᠨ ᠤ  ᠳᠣᠲᠣᠷ᠎ᠠ  ᠠᠶᠢᠮᠠᠭ  ᠬᠤᠲᠠ  ᠠᠯᠤᠰᠯᠠᠨ  ᠰᠢᠯᠵᠢᠬᠦᠯᠬᠦ  ᠭᠤᠶᠤᠴᠢᠯᠠᠯ  ᠭᠠᠷᠭᠠᠬᠤ︾ ᠲᠤᠬᠠᠶᠢᠯᠠᠭᠰᠠᠨ ᠠᠵᠢᠯ ᠤᠨ ᠭᠠᠷᠳᠠᠮ ᠬᠦᠢᠴᠡᠳᠭᠡᠬᠦ ᠴᠢᠬᠤᠯᠠ ᠥᠬᠡᠶ᠂ ᠤᠤᠯ ᠤᠨ ᠳᠠᠭᠠᠳᠬᠠᠯ ᠳᠤ ᠣᠷᠣᠯᠴᠠᠭᠰᠠᠨ  ᠭᠠᠵᠠᠷ ᠨᠢ‌‍ᠲ᠋ᠠᠭᠠᠳᠬᠠᠯ ᠳᠤ  ᠣᠷᠣᠯᠴᠠᠬᠤ ᠪᠠᠨ  ᠲᠦᠷ  ᠵᠣᠭᠰᠣᠭᠰᠠᠨ  ᠪᠠᠶᠢᠳᠠᠯ  ᠳᠤᠤᠷ᠎ᠠ᠂  ᠰᠢᠭᠤᠳ   ᠰᠢᠨ᠎ᠡ ᠪᠠᠷ   ᠳᠠᠭᠠᠳᠬᠠᠯ ᠳ᠋ᠤ᠋‌ᠣᠷᠣᠯᠴᠠᠭᠰᠠᠨ  ᠭᠠᠵᠠᠷ ᠲᠤ ᠪᠠᠨ  ᠳᠠᠭᠠᠳᠬᠠᠯ ᠳᠤ  ᠣᠷᠣᠯᠴᠠᠬᠤ   ᠳᠡᠩᠰᠡᠯᠡᠯᠲᠡ   ᠬᠢᠯᠭᠡᠪᠡᠯ   ᠪᠣᠯᠴᠢᠬᠠᠨ᠎ᠠ᠂   ᠤᠤᠯ ‍ᠤᠨ‌‍ᠲ᠋ᠠᠭᠠᠳᠬᠠᠯ ᠳᠤ ᠣᠷᠣᠯᠴᠠᠭᠰᠠᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ  ᠬᠠᠷᠢᠴᠠᠭ᠎ᠠ ᠨᠢ  ᠰᠢᠨ᠎ᠡ ᠪᠠᠷ  ᠳᠠᠭᠠᠳᠬᠠᠯ ᠳᠤ ᠣᠷᠣᠯᠴᠠᠭᠰᠠᠨ ᠭᠠᠵᠠᠷ ᠲᠠᠭᠠᠨ ᠠᠶᠠᠨᠳᠠᠭᠠᠨ ᠰᠢᠯᠵᠢᠬᠦ ᠪᠥᠭᠡᠳ ᠤᠤᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠤᠨ  ᠬᠤᠪᠢ‌‍ᠬᠥ᠋ᠮᠦᠨ ᠤ ᠲᠠᠩᠰᠠᠨ ᠡᠷᠦᠬᠡ ᠳᠤ ᠦᠯᠡᠳᠡᠪᠦᠷᠢ ᠪᠠᠯᠠ ᠮᠥᠩᠭᠦ  ᠪᠠᠶᠢᠬᠤ ᠎ ᠳᠤ  ᠬᠦᠷᠪᠡᠯ᠂  ᠰᠢᠰᠲ᠋ᠧᠮ ᠨᠢ  ᠪᠠᠯᠠ  ᠮᠥᠩᠭᠦ  ᠵᠢ‌‍ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠭᠠᠵᠠᠷ ᠲᠤᠨᠢ ᠠᠶᠠᠨᠳᠠᠭᠠᠨ ᠰᠢᠯᠵᠢᠭᠦᠯᠤᠨ ᠦᠭᠭᠦᠨ᠎ᠡ᠃              ᠣᠷᠣᠨ ᠤ ᠳᠣᠲᠣᠷᠠᠬᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠪᠠᠨ  ᠰᠢᠯᠵᠢᠭᠦᠯᠦᠨ‌ᠵᠠᠯᠭᠠᠭᠤᠯᠬᠤ ᠲᠤᠬᠠᠶᠢᠯᠠᠭᠰᠠᠨ ᠠᠵᠢᠯ ᠤᠨ ᠭᠠᠷᠳᠠᠮ ᠬᠦᠢᠴᠡᠳᠭᠡᠬᠦ ᠴᠤᠪᠤᠷᠠᠯ ᠢ ᠳᠥᠭᠦᠮᠴᠢᠯᠡᠵᠦ᠂ ︽ᠠᠦ᠋ᠲ᠋ᠣ᠋ ᠪᠠᠷ  ᠮᠡᠳᠡᠭᠦᠯᠬᠦ︾᠂︽ᠰᠧᠺᠦ᠋ᠨ᠋ᠳ᠋ ᠲᠤ ᠲᠠᠩᠰᠠᠨ ᠳᠤ ᠣᠷᠣᠭᠤᠯᠬᠤ︾᠎ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠳ ᠲᠤᠰᠠᠭᠠᠷ  ᠭᠤᠶᠤᠴᠢᠯᠠᠬᠤ ᠴᠢᠬᠤᠯᠠ ᠥᠬᠡᠶ ᠪᠤᠶᠤ ᠳᠠᠭᠠᠳᠬᠠᠯ ᠳᠤ ᠣᠷᠣᠯᠴᠠᠭᠰᠠᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠳᠠᠮ ᠬᠦᠢᠴᠡᠳᠭᠡᠬᠦ ᠴᠣᠩᠬᠤᠪᠴᠢ ᠳᠤ ᠬᠦᠷᠴᠦ ᠭᠠᠷᠳᠠᠮ  ᠬᠦᠢᠴᠡᠳᠭᠡᠬᠦ ᠨᠢ  ᠳᠠᠭᠠᠳᠬᠠᠯ ᠳᠤ  ᠣᠷᠣᠯᠴᠠᠭᠰᠠᠳ ᠲᠤ  ᠲᠦᠢᠯ ᠤᠨ  ᠶᠡᠭᠡ  ᠲᠥᠬᠦᠮ ᠦᠵᠡᠭᠦᠯᠪᠡ᠃              ᠡᠭᠦᠨ ᠠᠴᠠ ᠭᠠᠳᠠᠨ᠎ᠠ᠂  ᠳᠠᠭᠠᠳᠬᠠᠯ ᠳᠤ  ᠣᠷᠣᠯᠴᠠᠵᠤ  ᠰᠦᠢᠳᠭᠡᠯ  ᠲᠤᠰᠢᠶᠠᠭᠰᠠᠨ  ᠵᠢᠯ  ᠬᠤᠭᠤᠴᠠᠭ᠎ᠠ ᠶᠢ  ᠴᠤ ᠠᠶᠠᠨᠳᠠᠭᠠᠨ  ᠨᠡᠶᠢᠯᠡᠭᠦᠯᠵᠦ᠂  ᠠᠵᠢᠯᠲᠠᠨ  ᠠᠵᠢᠯᠴᠢᠨ ᠤ  ᠡᠮ  ᠡᠮᠨᠡᠯᠭᠡ ᠶᠢᠨ  ᠳᠠᠭᠠᠳᠬᠠᠯ ᠢ   ᠰᠢᠯᠵᠢᠭᠦᠯᠦᠨ   ᠵᠠᠯᠭᠠᠭᠤᠯᠬᠤ ᠲᠤᠬᠠᠶᠢᠯᠠᠭᠰᠠᠨ ᠠᠵᠢᠯ ᠤᠨ ᠭᠠᠷᠳᠠᠮ ᠬᠦᠢᠴᠡᠳᠭᠡᠬᠦ ᠶᠢ ᠦᠨᠡᠨ ᠬᠦ ᠪᠡᠶᠡᠯᠡᠭᠦᠯᠵᠦ᠂ ᠬᠠᠷᠠᠭᠠᠯᠵᠠᠯ ᠢ ᠵᠠᠪᠰᠠᠷ ᠥᠬᠡᠶ ᠵᠣᠯᠭᠠᠭᠤᠯᠤᠨ ᠰᠢᠯᠵᠢᠭᠦᠯᠦᠨ ᠵᠠᠯᠭᠠᠭᠤᠯᠬᠤ ᠶᠠᠪᠤᠴᠠ ᠶᠢ  ᠰᠢᠯᠢᠳᠡᠭᠵᠢᠭᠦᠯᠵᠦ᠂  ᠰᠢᠯᠵᠢᠭᠦᠯᠦᠨ  ᠵᠠᠯᠭᠠᠭᠤᠯᠬᠤ  ᠠᠵᠢᠯ  ᠶᠠᠪᠤᠳᠠᠯ  ᠬᠦᠢᠴᠡᠳᠭᠡᠬᠦ ᠬᠤᠷᠳᠤᠴᠠ ᠶᠢ  ᠲᠦᠷᠭᠡᠳᠬᠡᠵᠦ᠂  ᠣᠯᠠᠨ  ᠲᠦᠮᠡᠨ ᠤ  ᠬᠦᠷᠲᠡᠮᠵᠢ ᠶᠢᠨ  ᠲᠥᠷᠥᠭᠳᠡᠯ   ᠪᠠ   ᠬᠠᠨᠤᠮᠵᠢ ᠶᠢᠨ   ᠬᠡᠮᠵᠢᠶ᠎ᠡ ᠶᠢ ᠳᠡᠭᠡᠭᠰᠢᠯᠡᠭᠦᠯᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2