ᠵᠠᠩ ᠶᠦᠩ ᠸᠧᠨ ᠮᠠᠨ ᠤ ᠲᠤᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ᠂ ᠢᠯᠴᠢ ᠬᠠᠩᠭᠠᠬᠤ ᠬᠤᠭᠤᠯᠠᠢ ᠶᠢᠨ ᠲᠣᠣᠷ ᠢ ᠬᠤᠶᠠᠳᠠᠬᠢ ᠤᠳᠠᠭ᠎ᠠ ᠥᠭᠡᠷᠡᠴᠢᠯᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/29
705470.jpg
    8 ᠰᠠᠷ᠎ᠠ ᠶᠢᠨ 28᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠤᠷᠢᠳ ᠬᠤᠵᠢᠳ ᠧᠨ ᠾᠧ ᠶᠡᠭᠡ ᠵᠡᠭᠡᠯᠢ᠂ ᠳ᠋ᠦᠩ  ᠭᠧ ᠶᠠ ᠱᠧ ᠪᠣᠯᠤᠨ ᠪᠢ ᠲᠤᠤ ᠵᠢᠤᠢ ᠰᠠᠭᠤᠭᠠᠯᠢ ᠲᠣᠭᠤᠷᠢᠭ ᠵᠡᠷᠭᠡ ᠭᠠᠵᠠᠷ ᠲᠤ ᠬᠦᠷᠴᠦ᠂ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠬᠤᠶᠠᠳᠠᠬᠢ ᠤᠳᠠᠭᠠᠨ ᠤ ᠥᠭᠡᠷᠡᠴᠢᠯᠡᠯᠲᠡ ᠶᠢᠨ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠠᠷᠢᠯᠭ᠎ᠠ ᠶᠢᠨ ᠠᠵᠢᠯ ᠤᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠠᠷᠢᠯᠭ᠎ᠠ ᠶᠢᠨ ᠠᠬᠢᠴᠠ᠂ ᠪᠡᠶᠡᠯᠡᠭᠦᠯᠦᠭᠰᠡᠨ ᠴᠠᠭ ᠤᠨ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃   ᠵᠠᠩ ᠶᠦᠩ ᠸᠧᠨ ᠬᠡᠯᠡᠭᠰᠡᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠵᠡᠭᠡᠯᠢ ᠭᠤᠳᠤᠮᠵᠢ ᠶᠢᠨ ᠬᠢᠨ ᠠᠵᠢᠯ ᠤᠨ ᠲᠣᠭᠲᠠᠴᠠ ᠪᠠᠨ ᠴᠢᠨᠠᠭᠰᠢᠳᠠ ᠰᠢᠯᠤᠭᠤᠳᠬᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠡᠯ᠎ᠡ ᠲᠦᠷᠦᠯ ᠤᠨ ᠠᠰᠠᠭᠤᠳᠠᠯ ᠪᠣᠯᠤᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠪᠠᠷᠢᠯᠭ᠎ᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠡᠭᠦᠷᠭᠡ ᠶᠢᠨ ᠨᠠᠷᠢᠨ ᠳᠠᠩᠰᠠ ᠶᠢ ᠵᠢᠭᠰᠠᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠪᠠᠶᠢᠷᠢᠯᠠᠭᠤᠯᠵᠤ᠂ ᠳᠤᠬᠢᠷᠠᠭᠤᠯᠤᠯᠳᠠ ᠶᠢ ᠴᠢᠩᠭᠠᠳᠬᠠᠵᠤ ᠂ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠠᠷᠢᠯᠭ᠎ᠠ ᠶᠢᠨ  ᠨᠢᠭᠡᠴᠢ ᠶᠢᠨ ᠬᠢᠨ ᠲᠣᠭᠲᠠᠭᠰᠠᠨ ᠴᠠᠭ ᠤᠨ ᠵᠠᠩᠭᠢᠯᠠᠭ᠎ᠠ ᠶᠢᠨ ᠴᠡᠭ ᠢᠶᠠᠷ ᠰᠢᠨᠵᠢᠯᠡᠬᠦ ᠤᠬᠠᠭᠠᠨᠴᠢ ᠪᠠᠷ ᠳᠤᠬᠢᠷᠠᠭᠤᠯᠵᠤ᠂ ᠠᠵᠢᠯᠳᠠᠨ᠂ ᠮᠠᠰᠢᠨ ᠮᠧᠬᠠᠨᠢᠭ᠂ ᠮᠠᠲ᠋ᠧᠷᠢᠶᠠᠯ ᠤᠨ ᠳᠤᠬᠢᠷᠠᠭᠤᠯᠤᠯᠳᠠ ᠶᠢ ᠴᠢᠩᠭᠠᠳᠬᠠᠵᠤ᠂ ᠪᠦᠲᠦᠮᠵᠢᠲᠡᠢ ᠪᠠᠷᠢᠯᠭ᠎ᠠ ᠶᠢᠨ ᠴᠠᠭ ᠢ ᠠᠮᠵᠢᠨ ᠠᠳᠬᠤᠵᠤ᠂ ᠥᠭᠡᠷᠡᠴᠢᠯᠡᠨ ᠰᠠᠶᠢᠵᠢᠷᠠᠭᠤᠯᠬᠤ ᠡᠭᠦᠷᠭᠡ ᠪᠠᠨ ᠴᠠᠭ ᠲᠤᠬᠠᠢ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠢ ᠃ ᠬᠠᠭᠤᠴᠢᠨ  ᠰᠠᠭᠤᠭᠠᠯᠢ ᠲᠣᠭᠤᠷᠢᠭ ᠢ ᠥᠭᠡᠷᠡᠴᠢᠯᠡᠬᠦ ᠡᠬᠡ ᠲᠠᠩᠰᠠ ᠶᠢ ᠪᠠᠶᠢᠭᠤᠯᠵᠤ᠂  ᠰᠠᠭᠤᠭᠠᠯᠢ ᠲᠣᠭᠤᠷᠢᠭ ᠤᠨ ᠪᠣᠳᠠᠲᠠᠶ ᠪᠠᠶᠢᠳᠠᠯ ᠪᠠ ᠰᠠᠭᠤᠭᠠᠯᠢ ᠠᠷᠠᠳ ᠤᠨ ᠬᠦᠰᠡᠯ ᠰᠠᠨᠠᠭ᠎ᠠ ᠲᠠᠢ ᠤᠶᠠᠯᠳᠤᠭᠤᠯᠤᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠥᠭᠡᠷᠡᠴᠢᠯᠡᠬᠦ ᠲᠥᠰᠦᠯ ᠢ ᠲᠣᠭᠲᠠᠭᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠮᠤᠷ ᠲᠦᠪᠰᠢᠨ ᠢ ᠴᠢᠩᠭ᠎ᠠ ᠠᠳᠬᠤᠵᠤ᠂ ᠡᠯ᠎ᠡ ᠵᠦᠶᠯ ᠤᠨ ᠥᠭᠡᠷᠡᠴᠢᠯᠡᠯᠲᠡ ᠶᠢᠨ ᠡᠭᠦᠷᠭᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠶ ᠶᠠᠪᠤᠳᠠᠯ ᠢ ᠪᠣᠳᠠᠲᠠᠶ ᠪᠠᠷ ᠬᠢᠬᠦ ᠬᠡᠷᠡᠭᠲᠡᠶ  ᠭᠡᠵᠡᠢ᠃    ᠯᠢ ᠵᠢᠩ᠂ ᠵᠠᠩ ᡁᠢ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                    ᠵᠢᠷᠤᠭ᠄ ᠴᠢᠶᠤᠤ ᠮᠢᠨ                    ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2