ᠵᠢᠨᠢᠩ ᠲᠣᠭᠤᠷᠢᠭ᠄ ᠬᠤᠭ ᠨᠣᠪᠰᠢ ᠶᠢ ᠲᠥᠷᠥᠯ ᠬᠤᠪᠢᠶᠠᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2023/8/29
      ᠣᠶᠢᠷ᠎ᠠ ᠶᠢᠨ ᠵᠢᠯ ᠠᠴᠠ᠂ ᠵᠢᠨᠢᠩ ᠲᠣᠭᠤᠷᠢᠭ ᠠᠮᠢ ᠠᠬᠤᠢ ᠶᠢ ᠤᠷᠢᠳᠡᠪᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠬᠠᠶᠠᠭᠳᠠᠮᠠᠯ ᠦᠭᠡᠢ ᠬᠤᠳᠠ︾᠎ ᠶᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠪᠠ ᠬᠠᠲᠠᠭᠤ ᠬᠠᠶᠠᠭᠳᠠᠮᠠᠯ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠲᠠᠰᠤᠷᠠᠯᠳᠡ ᠦᠭᠡᠢ ᠠᠬᠢᠭᠤᠯᠪᠠ᠃      ᠵᠢᠨᠢᠩ ᠲᠣᠭᠤᠷᠢᠭ ᠤᠨ ᠡᠯ᠎ᠡ ᠰᠠᠭᠤᠭᠠᠯᠢ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠥᠷᠲᠡᠭᠡ ᠴᠡᠭ ᠲᠤ᠂ ︽ᠳᠥᠷᠪᠡ ᠶᠢ ᠠᠩᠭᠢᠯᠠᠵᠤ ᠵᠢᠷᠭᠤᠭᠠᠨ ᠬᠤᠭ ᠤᠨ ᠰᠠᠭᠤᠯᠠᠭ᠎ᠠ ᠶᠢᠨ ᠣᠷᠣᠨ︾᠎ ᠤ ᠬᠤᠭ ᠨᠣᠪᠰᠢ ᠶᠢᠨ ᠥᠷᠲᠡᠭᠡ ᠲᠣᠪ ᠲᠣᠳᠣᠷᠬᠠᠢ ᠬᠠᠷᠠᠭᠳᠠᠵᠤ᠂ ᠬᠤᠭ ᠤᠨ ᠰᠠᠪᠠ ᠪᠣᠯᠭᠠᠨ ᠤ ᠠᠮᠠᠰᠠᠷ ᠲᠤ ᠪᠦᠷ ᠭᠠᠷ ᠢᠶᠠᠷ ᠲᠠᠲᠠᠬᠤ ᠳᠡᠭᠡᠰᠦ ᠲᠠᠭᠠᠷᠠᠭᠤᠯᠵᠠᠶ᠃ ᠰᠠᠭᠤᠭᠠᠯᠢ ᠠᠷᠠᠳ ᠤᠨ ᠬᠤᠭ ᠨᠣᠪᠰᠢ ᠬᠠᠶᠠᠬᠤ ᠦᠶ᠎ᠡ ᠶᠢᠨ ᠭᠠᠷ ᠤᠨ ᠬᠡᠰᠡᠭ ᠤᠨ ᠠᠷᠢᠭᠤᠨ ᠴᠡᠪᠡᠷ ᠢ ᠪᠠᠲᠤᠯᠠᠵᠤ ᠪᠣᠯᠬᠤ ᠪᠥᠭᠡᠳ ᠬᠠᠯᠬᠠᠪᠴᠢ ᠬᠠᠪᠲᠠᠰᠤᠨ ᠳᠡᠭᠡᠷ᠎ᠡ ᠪᠠᠰᠠ ︽ᠵᠢᠨᠢᠩ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠵᠢᠯᠣᠭᠤᠳᠤᠮᠵᠢ︾ ᠨᠠᠭᠠᠵᠤ᠂ ᠬᠥᠨᠥᠭᠡᠯ ᠲᠠᠢ ᠬᠤᠭ ᠨᠣᠪᠰᠢ᠂ ᠬᠤᠷᠢᠶᠠᠨ ᠠᠪᠴᠤ ᠪᠣᠯᠬᠤ ᠬᠤᠭ ᠨᠣᠪᠰᠢ᠂ ᠲᠣᠭᠤᠭᠠᠨ ᠭᠡᠷ ᠤᠨ ᠬᠤᠭ ᠨᠣᠪᠰᠢ᠂ ᠪᠤᠰᠤᠳ ᠬᠤᠭ ᠨᠣᠪᠰᠢ ᠶᠢᠨ ᠲᠡᠮᠳᠡᠭ ᠲᠣᠳᠣᠷᠬᠠᠢ ᠬᠠᠷᠠᠭᠳᠠᠵᠤ᠂ ᠣᠷᠴᠢᠨ ᠲᠣᠭᠤᠷᠢᠨ ᠴᠡᠪᠡᠷ ᠴᠡᠮᠴᠡᠭᠡᠷ᠂ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠥᠷᠲᠡᠭᠡ ᠴᠡᠭ ᠤᠨ ᠪᠠᠶᠢᠷᠢᠯᠠᠭᠤᠯᠤᠯᠲᠠ ᠨᠢ ᠬᠤᠭ ᠨᠣᠪᠰᠢ ᠶᠢ ᠨᠠᠷᠢᠯᠢᠭ ᠣᠨᠣᠴᠠᠲᠠᠢ ᠪᠠᠷ ᠲᠥᠷᠥᠯ ᠬᠤᠪᠢᠶᠠᠵᠤ᠂ ᠵᠥᠭᠡᠭᠡᠪᠦᠷᠢᠯᠡᠨ ᠬᠦᠷᠭᠡᠵᠦ ᠰᠢᠢᠳᠪᠦᠷᠢᠯᠡᠬᠦ ᠶᠢ ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠣᠯᠭᠠᠵᠠᠢ᠃ ᠰᠢᠨ ᠲᠢ ᠶᠡᠭᠡ ᠵᠡᠭᠡᠯᠢ ᠶᠢᠨ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡᠨ ᠳᠤ᠂ ᠴᠡᠪᠡᠷᠯᠡᠨ ᠲᠡᠭᠡᠭᠡᠪᠦᠷᠢᠯᠡᠬᠦ ᠲᠡᠷᠭᠡ ᠬᠤᠭ ᠨᠣᠪᠰᠢ ᠶᠢ ᠬᠤᠭ ᠨᠣᠪᠰᠢ ᠶᠢ ᠠᠪᠴᠢᠭᠤᠯᠤᠭᠰᠠᠨ ᠲᠡᠷᠭᠡᠨ ᠳᠣᠲᠣᠷ᠎ᠠ ᠬᠠᠶᠠᠵᠤ᠂ ᠳᠦᠭᠦᠷᠭᠡᠭᠰᠡᠨ ᠤ ᠳᠠᠷᠠᠭ᠎ᠠ ᠬᠤᠭ ᠨᠣᠪᠰᠢ ᠶᠢ ᠳᠠᠷᠤᠵᠤ ᠰᠢᠢᠳᠪᠦᠷᠢᠯᠡᠵᠤ᠂ ᠡᠵᠡᠯᠡᠬᠦᠨ ᠢ ᠨᠢ ᠪᠠᠭᠠᠰᠬᠠᠵᠤ ᠵᠥᠭᠡᠭᠡᠪᠦᠷᠢᠯᠡᠬᠦ ᠳᠤ ᠲᠥᠬᠦᠮ ᠪᠣᠯᠭᠠᠨ᠎ᠠ᠃ ᠠᠪᠴᠢᠭᠰᠠᠨ ᠤ ᠳᠠᠷᠠᠭᠠᠬᠢ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠳᠤ ᠬᠦᠷᠭᠡᠵᠦ ᠬᠤᠣᠷ ᠦᠭᠡᠶᠢᠵᠢᠬᠦᠯᠦᠨ ᠰᠢᠢᠳᠪᠦᠷᠢᠯᠡᠵᠦ᠂ ᠬᠤᠭ ᠨᠣᠪᠰᠢ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠤᠢ ᠪᠣᠯᠭᠠᠨ᠎ᠠ᠃ ᠤᠯᠠᠭᠠᠨᠴᠠᠪ ᠤᠨ ᠬᠠᠨ ᠯᠠᠨ ᠬᠥ᠋ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠢᠵᠠᠭᠠᠷᠲᠤ ᠺᠣᠮᠫᠠᠨᠢ ᠰᠢᠨ᠎ᠡ ᠮᠠᠶ᠋ᠢᠭ ᠤᠨ ᠬᠤᠭ ᠨᠣᠪᠰᠢ ᠶᠢ ᠰᠢᠲᠠᠭᠠᠬᠤ ᠮᠡᠷᠭᠡᠵᠢᠯ ᠢ ᠬᠡᠷᠡᠭᠯᠡᠨ᠂ ᠵᠤᠤᠬ᠎ᠠ ᠶᠢᠨ ᠬᠥᠨᠳᠡᠢ ᠶᠢᠨ ᠳᠤᠮᠳᠠᠴᠢ ᠳᠤᠯᠠᠭᠠᠨ ᠤ ᠬᠡᠮᠵᠢᠶ᠎ᠡ ᠶᠢ 850℃᠎ ᠠᠴᠠ ᠳᠡᠭᠡᠭᠰᠢ ᠪᠠᠶᠢᠯᠭᠠᠵᠤ᠂ ᠠᠮᠢᠳᠤᠷᠠᠯ ᠤᠨ ᠬᠤᠭ ᠨᠣᠪᠰᠢ ᠶᠢ ᠪᠦᠷᠢᠮᠦᠰᠦᠨ ᠥᠨᠳᠥᠷ ᠬᠠᠯᠠᠭᠤᠨ ᠳᠤ ᠰᠢᠲᠠᠭᠠᠵᠤ᠂ ᠬᠤᠭ ᠨᠣᠪᠰᠢ ᠶᠢ ᠬᠤᠣᠷ ᠦᠭᠡᠢ ᠪᠣᠯᠭᠠᠬᠤ᠂ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠳᠤ ᠬᠦᠷᠦᠭᠦᠯᠦᠨ᠎ᠡ᠂ ᠣᠳᠣᠬᠠᠨ ᠳᠤ ᠬᠤᠶᠠᠷ ᠵᠤᠷᠪᠤᠰ 400 ᠲᠣᠨ ᠤ ᠰᠢᠲᠠᠭᠠᠵᠤ ᠰᠢᠢᠳᠪᠦᠷᠢᠯᠡᠬᠦ ᠱᠤᠭᠤᠮ ᠪᠠᠶᠢᠭᠤᠯᠵᠤ᠂ ᠡᠳᠦᠷ ᠤᠨ ᠰᠢᠢᠳᠪᠦᠷᠢᠯᠡᠬᠦ ᠴᠢᠳᠠᠪᠤᠷᠢ ᠨᠢ 800 ᠲᠣᠨ ᠳᠤ ᠬᠦᠷᠴᠦ᠂ ᠡᠳᠦᠷ ᠪᠦᠷᠢ ᠵᠢᠨᠢᠩ ᠬᠤᠲᠠ ᠶᠢᠨ ᠲᠣᠭᠤᠷᠢᠭ ᠤᠨ 300 — 400 ᠲᠣᠨ ᠤ ᠠᠮᠢᠳᠤᠷᠠᠯ ᠤᠨ ᠬᠤᠭ ᠨᠣᠪᠰᠢ ᠶᠢ ᠭᠥᠯᠢᠶᠡᠨ ᠠᠪᠴᠤ ᠪᠠᠶᠢᠨ᠎ᠠ᠃       ᠣᠳᠣᠬᠠᠨ ᠳᠤ᠂ ᠵᠢᠨᠢᠩ ᠲᠣᠭᠤᠷᠢᠭ ᠲᠤ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠰᠠᠭᠤᠯᠠᠭ᠎ᠠ ᠥᠷᠲᠡᠭᠡ 975᠂ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ 50᠂ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ 1 ᠪᠠᠶᠢᠭᠤᠯᠵᠤ᠂ ᠡᠳᠦᠷ ᠤᠨ ᠰᠢᠢᠳᠪᠦᠷᠢᠯᠡᠬᠦ ᠴᠢᠳᠠᠪᠤᠷᠢ ᠨᠢ 800 ᠲᠣᠨ ᠳᠤ ᠬᠦᠷᠴᠦ᠂ ᠬᠤᠣᠷ ᠦᠭᠡᠢ ᠪᠣᠯᠭᠠᠨ ᠰᠢᠢᠳᠪᠦᠷᠢᠯᠡᠭᠰᠡᠨ ᠨᠣᠷᠮ᠎ᠠ ᠨᠢ 97%᠎ ᠳᠤ ᠬᠦᠷᠴᠡᠢ᠃  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2