8 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠠᠷᠠᠳ ᠤᠨ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠶᠦᠨ ᠱᠤ᠋ ᠫᠢᠩ ᠨᠡᠷ ᠴᠢᠤᠸᠠᠨ ᠱᠠᠨ ᠵᠡᠭᠡᠯᠢ ᠭᠤᠳᠤᠮᠵᠢ ᠶᠢᠨ ᠰᠢᠨ᠎ᠡ ᠴᠠᠭ | ᠦᠶ᠎ᠡ ᠶᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠰᠢᠤᠢ ᠹᠧᠩ᠂ ᠲᠣᠭᠤᠷᠢᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠦ᠋ ᠰᠢᠨ ᠽᠧ | ᠵᠢᠴᠢ ᠴᠢᠤᠸᠠᠨ ᠱᠠᠨ ᠵᠡᠭᠡᠯᠢ ᠭᠤᠳᠤᠮᠵᠢ ᠶᠢᠨ ᠸᠠᠩ ᠮᠤᠤ ᠳ᠋ᠦᠩ ᠪᠠᠷ᠎ᠠ ᠪᠤᠯᠵᠤ ᠪᠠᠶᠢᠴᠠᠭᠠᠨ ᠰᠤᠳᠤᠯᠵᠠᠢ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠨᠠᠮ ᠤᠨ | ᠡᠭᠦᠷ ᠤᠨ ᠱᠦᠵᠢ ᠶᠠᠩ ᠶᠠᠨ ᠷᠦᠩ PPT ᠦᠵᠡᠭᠦᠯᠦᠯᠭᠡ ᠵᠢᠴᠢ ᠲᠠᠶᠢᠯᠤᠮᠵᠢ ᠬᠢᠬᠦ ᠬᠡᠯᠪᠡᠷᠢ ᠪᠠᠷ ᠳᠠᠮᠵᠢᠭᠤᠯᠤᠨ᠂ | ᠪᠠᠶᠢᠴᠠᠭᠠᠨ ᠰᠤᠳᠤᠯᠬᠤ ᠳᠤᠭᠤᠶᠢᠯᠠᠩ ᠳᠤ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠡᠯ᠎ᠡ ᠵᠦᠶᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ | ᠮᠡᠳᠡᠭᠦᠯᠪᠡ᠃ ᠶᠦᠨ ᠱᠤ᠋ ᠫᠢᠩ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠭᠰᠠᠨ ᠦᠨᠳᠦᠰᠦᠲᠡᠨ ᠨᠦᠭᠦᠳ ᠤᠨ | ᠰᠠᠭᠤᠭᠠᠯᠢ ᠠᠷᠠᠳ ᠤᠨ ᠣᠷᠣᠯᠴᠠᠭᠰᠠᠨ ᠨᠤᠷᠮ᠎ᠠ᠂ ᠬᠠᠨᠤᠮᠵᠢ ᠶᠢᠨ ᠬᠡᠮᠵᠢᠶ᠎ᠡ ᠵᠡᠷᠭᠡ ᠪᠠᠶᠢᠳᠠᠯ ᠢ ᠨᠠᠷᠢᠨ ᠠᠰᠠᠭᠤᠨ | ᠯᠠᠪᠯᠠᠭᠰᠠᠨ ᠪᠥᠭᠡᠳ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠣᠳᠣᠬᠠᠨ ᠤ ᠥᠷᠨᠢᠭᠦᠯᠵᠦ ᠪᠠᠶᠢᠭ᠎ᠠ | ᠠᠵᠢᠯ ᠢ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠶ ᠳᠥᠯᠭᠢᠨ | ᠠᠬᠢᠭᠤᠯᠬᠤ ᠬᠡᠷᠡᠭᠲᠡᠶ ᠭᠡᠵᠡᠶ᠃ ᠳᠠᠷᠠᠭ᠎ᠠ ᠨᠢ᠂ ᠶᠦᠨ ᠱᠤ᠋ ᠫᠢᠩ ᠨᠡᠷ ᠨᠡᠶᠢᠭᠡᠮ ᠲᠣᠭᠤᠷᠢᠭ ᠤᠨ ᠲᠦᠩ ᠰᠢᠨ | ᠦᠷᠳᠡᠭᠡ᠂ ᠠᠨᠠᠷ ᠤᠨ ᠦᠷᠳᠡᠭᠡ ᠶᠢᠨ ᠬᠡᠷᠡᠭ ᠵᠥᠪᠯᠡᠬᠦ ᠲᠢᠩᠬᠢᠮ᠂ ᠲᠦᠩ ᠰᠢᠨ ᠤᠷᠠᠨ ᠪᠢᠴᠢᠯᠭᠡ ᠤᠷᠠᠨ | ᠵᠢᠷᠤᠭ ᠤᠨ ᠦᠷᠳᠡᠭᠡ ᠵᠡᠷᠭᠡ ᠤᠯᠠᠨ ᠴᠢᠳᠠᠮᠵᠢᠳᠤ ᠦᠷᠦᠬᠡ ᠶᠢ ᠲᠣᠭᠤᠷᠢᠨ ᠦᠵᠡᠭᠰᠡᠨ ᠪᠥᠭᠡᠳ ᠲᠤᠬᠠᠢ ᠶᠢᠨ | ᠲᠠᠯᠠᠪᠠᠢ ᠳᠤ ᠬᠤᠯᠤ ᠤᠲᠠᠰᠤ ᠶᠢᠨ ᠲᠣᠭᠯᠠᠯᠲᠠ ᠵᠢᠴᠢ ᠴᠠᠢ ᠶᠢᠨ ᠤᠷᠠᠯᠢᠭ ᠤᠨ ᠪᠣᠯᠪᠠᠰᠤᠷᠠᠯ ᠤᠨ ᠠᠵᠢᠯᠯᠠᠭ᠎ᠠ ᠶᠢ | ᠰᠣᠨᠢᠷᠬᠠᠪᠠ᠃ | ᠳᠠᠷᠠᠭᠠᠴᠢ ᠶᠢᠨ ᠠᠯᠬᠤᠮ ᠳᠤ᠂ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠬᠢᠨ ᠨᠡᠶᠢᠭᠡᠮ | ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠢᠯᠠᠰ ᠴᠢᠭ ᠣᠨᠴᠠᠯᠢᠭ ᠢᠶᠠᠨ ᠳᠤᠪᠤᠶᠢᠯᠭᠠᠵᠤ᠂ | ᠪᠦᠬᠦ ᠠᠷᠠᠳ ᠢᠶᠠᠷ ᠢᠶᠠᠨ ᠣᠷᠣᠯᠴᠠᠵᠤ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠂ | ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ | ᠰᠠᠶᠢᠲᠠᠢ ᠰᠠᠶᠢᠲᠤᠷ ᠬᠢᠬᠦ ᠪᠣᠯᠤᠨ᠎ᠠ᠃ | | ᠣᠷᠴᠢᠭᠤᠯᠤᠭᠴᠢ᠄ ᠳ᠋ᠥᠩ ᠾᠦᠢ | |