ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠢᠯᠭᠠᠷᠠᠭᠤᠯᠤᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠠᠤᠯᠢ ᠶᠣᠰᠣᠭᠠᠷ ᠨᠡᠶᠢᠳᠡᠮ | ᠪᠠᠶᠢᠴᠠᠭᠠᠯᠲᠠ ᠶᠢ ᠴᠢᠩᠭ᠎ᠠ ᠥᠷᠨᠢᠭᠦᠯᠦᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ | ᠣᠨᠣᠪᠴᠢᠲᠠᠶ᠂ ᠪᠦᠷᠢᠨ ᠪᠦᠲᠦᠨ ᠴᠠᠭ ᠲᠤᠬᠠᠶ ᠳᠤᠨᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠣᠶᠢᠷ᠎ᠠ ᠳᠤ ᠴᠢᠶᠣᠤ ᠰᠢ ᠵᠡᠭᠡᠯᠢ ᠭᠤᠳᠤᠮᠵᠢ ᠶᠢᠨ ᠬᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠤᠨ ᠪᠣᠳᠠᠲᠠᠶ ᠪᠣᠯᠪᠠᠰᠤᠷᠠᠯ ᠤᠨ | ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠡᠯ᠎ᠡ ᠨᠡᠶᠢᠭᠡᠮ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ | ᠠᠵᠢᠯᠲᠠᠨ᠂ ᠲᠤᠭ᠎ᠠ ᠪᠦᠷᠢᠳᠬᠡᠯ ᠤᠨ ᠥᠷᠲᠡᠭᠡᠨ ᠤ ᠠᠵᠢᠯᠲᠠᠳ ᠪᠣᠯᠪᠠᠰᠤᠷᠠᠭᠤᠯᠤᠯ ᠳᠤ ᠣᠷᠣᠯᠴᠠᠪᠠ᠃ | ᠪᠣᠯᠪᠠᠰᠤᠷᠠᠭᠤᠯᠤᠯ ᠤᠨ ᠶᠠᠪᠤᠴᠠ ᠳᠤ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠬᠠᠶ | ᠮᠡᠷᠭᠡᠵᠢᠯ ᠤᠨ ᠠᠵᠢᠯᠲᠠᠨ ᠪᠣᠳᠠᠲᠠᠶ ᠲᠠᠢ ᠪᠠᠨ ᠤᠶᠠᠯᠳᠤᠭᠤᠯᠤᠨ᠂ ︽ᠬᠤᠶᠠᠷ ᠠᠵᠢᠯᠲᠠᠨ︾ ᠳᠤ ᠬᠠᠤᠯᠢ ᠶᠣᠰᠣᠭᠠᠷ | ᠨᠡᠶᠢᠳᠡᠮ ᠪᠠᠶᠢᠴᠠᠭᠠᠬᠤ ᠮᠡᠳᠡᠯᠭᠡ᠂ ᠢᠯᠭᠠᠷᠠᠭᠤᠯᠤᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠴᠤᠪᠤᠷᠠᠯ᠂ | ᠨᠢᠭᠡᠴᠡ ᠶᠢᠨ ᠬᠤᠪᠢᠶᠠᠷᠢᠯᠠᠯ ᠤᠨ ᠲᠣᠭᠲᠠᠭᠠᠯ᠂ ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠵᠢᠴᠢ | ᠬᠠᠮᠢᠶ᠎ᠠ ᠪᠥᠬᠦᠶ ᠠᠩᠭᠢᠯᠠᠯ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠤᠳᠠᠯ ᠥᠬᠡᠶ ᠥᠷᠨᠢᠭᠦᠯᠬᠦ ᠪᠠᠷ ᠪᠠᠶᠢᠭ᠎ᠠ | ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ | ᠪᠣᠯᠪᠠᠰᠤᠷᠠᠭᠤᠯᠤᠯ ᠤᠨ ᠦᠷ᠎ᠡ ᠪᠦᠲᠦᠭᠡᠯ ᠢ ᠨᠠᠩ ᠰᠠᠶᠢᠨ ᠰᠢᠯᠭᠠᠨ ᠪᠠᠶᠢᠴᠠᠭᠠᠬᠤ ᠶᠢᠨ ᠲᠥᠯᠥᠭᠡ᠂ | ᠪᠣᠯᠪᠠᠰᠤᠷᠠᠭᠤᠯᠤᠯ ᠤᠨ ᠠᠵᠢᠯᠲᠠᠨ ᠪᠣᠯᠤᠨ ᠨᠡᠶᠢᠳᠡᠮ ᠪᠠᠶᠢᠴᠠᠭᠠᠭᠴᠢ ᠬᠠᠮᠲᠤ ᠪᠠᠷ ᠴᠢᠶᠣᠤ ᠰᠢ ᠶᠢᠨ ᠠᠷᠠᠳ ᠲᠤ | ᠠᠰᠢᠭ ᠬᠦᠷᠲᠡᠭᠡᠬᠦ ᠬᠦᠷᠢᠶᠡᠯᠡᠩ ᠳᠤ ᠬᠦᠷᠴᠦ ᠲᠤᠬᠠᠶ ᠶᠢᠨ ᠲᠠᠯᠠᠪᠤᠷ ᠲᠤ ᠬᠦᠷᠴᠦ ᠡᠷᠦᠬᠡ ᠳᠤ ᠣᠷᠣᠬᠤ | ᠳᠡᠩᠰᠡᠯᠡᠯᠲᠡ ᠶᠢᠨ ᠪᠣᠳᠠᠲᠤ ᠪᠠᠶᠢᠯᠳᠤᠭᠠᠨ ᠤ ᠪᠣᠯᠪᠠᠰᠤᠷᠠᠯ ᠥᠷᠨᠢᠭᠦᠯᠵᠦ᠂ ᠨᠡᠶᠢᠳᠡᠮ ᠪᠠᠶᠢᠴᠠᠭᠠᠭᠴᠢ ᠶᠢᠨ ᠨᠡᠶᠢᠳᠡᠮ | ᠪᠠᠶᠢᠴᠠᠭᠠᠯᠲᠠ ᠶᠢᠨ ᠳᠡᠩᠰᠡᠯᠡᠯᠲᠡ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠨᠢᠮᠪᠠᠶ | ᠵᠢᠭᠠᠨ ᠵᠢᠯᠣᠭᠤᠳᠴᠤ᠂ ᠬᠠᠮᠢᠶ᠎ᠠ ᠪᠥᠬᠦᠶ ᠠᠰᠠᠭᠤᠳᠠᠯ ᠪᠣᠯᠤᠨ ᠰᠠᠨᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ | ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠶᠢ ᠪᠠᠬᠢᠵᠢᠭᠦᠯᠪᠡ᠃ | ᠲᠠᠷᠠᠭᠠᠴᠢ ᠶᠢᠨ ᠠᠯᠬᠤᠮ ᠳᠤ᠂ ᠴᠢᠶᠣᠤ ᠰᠢ ᠵᠡᠭᠡᠯᠢ ᠭᠤᠳᠤᠮᠵᠢ ᠶᠢᠨ ᠬᠢᠨ ᠲᠠᠪᠤᠳᠤᠭᠠᠷ ᠤᠳᠠᠭᠠᠨ ᠤ ᠪᠥᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠠᠭ ᠤᠨ ᠲᠣᠬᠢᠷᠠᠭᠤᠯᠤᠯᠲᠠ ᠶᠣᠰᠣᠭᠠᠷ᠂ | ᠪᠠᠶᠢᠴᠠᠭᠠᠬᠤ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠶᠠᠪᠤᠴᠠ ᠶᠢ ᠵᠢᠷᠤᠮᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ | ᠪᠡᠶᠡᠯᠡᠭᠦᠯᠦᠨ᠎ᠡ᠃ | | ᠣᠷᠴᠢᠭᠤᠯᠤᠭᠴᠢ᠄ ᠳ᠋ᠥᠩ ᠾᠦᠢ | |