| | | | | | | 8 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ | ᠬᠤᠷᠠᠯ ᠢ ᠡᠷᠭᠢᠯᠡᠨ ᠬᠤᠷᠠᠯᠳᠤᠭᠤᠯᠵᠤ᠂ ᠴᠡᠪᠡᠷ ᠡᠨᠧᠷᠭᠢ ᠶᠢᠨ ᠥᠭᠡᠷᠡᠴᠢᠯᠡᠯᠲᠡ ᠶᠢ ᠠᠬᠢᠭᠤᠯᠬᠤ ᠠᠵᠢᠯ ᠢ | ᠰᠤᠳᠤᠯᠪᠠ᠃ | ᠬᠤᠷᠠᠯ ᠠᠴᠠ ᠤᠶᠢᠷ᠎ᠠ ᠶᠢᠨ ᠬᠤᠭᠤᠴᠠᠭᠠᠨ ᠤ ᠮᠠᠨ ᠤ ᠲᠤᠭᠤᠷᠢᠭ ᠤᠨ ᠠᠷᠢᠭᠤᠨ ᠴᠡᠪᠡᠷ ᠡᠨᠧᠷᠭᠢ ᠶᠢᠨ | ᠥᠭᠡᠷᠡᠴᠢᠯᠡᠯᠲᠡ ᠶᠢᠨ ᠠᠵᠢᠯ ᠤᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠠᠴᠠ ᠮᠠᠨ ᠤ ᠲᠤᠭᠤᠷᠢᠭ ᠤᠨ ᠬᠠᠮᠢᠶ᠎ᠠ ᠪᠥᠬᠦᠶ | ᠠᠵᠢᠯ ᠳᠤ ᠰᠠᠨᠠᠭᠤᠯᠭ᠎ᠠ ᠪᠠ ᠰᠠᠨᠠᠯ ᠳᠤᠷᠠᠳᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠢᠶᠠᠩ | ᠪᠠᠯᠭᠠᠰᠤ᠂ ᠵᠡᠭᠡᠯᠢ ᠭᠤᠳᠤᠮᠵᠢ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠢᠭᠲᠠ ᠬᠠᠮᠵᠢᠯᠴᠠᠨ᠂ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠴᠡᠪᠡᠷ ᠡᠨᠧᠷᠭᠢ ᠶᠢᠨ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ | ᠠᠬᠢᠭᠤᠯᠵᠤ᠂ ᠦᠨᠡᠨ ᠬᠦ ᠰᠠᠶᠢᠨ ᠶᠠᠪᠤᠳᠠᠯ ᠢ ᠪᠣᠳᠠᠲᠠᠶᠢᠵᠢᠭᠤᠯᠵᠤ᠂ ᠪᠣᠳᠠᠲᠠᠶ ᠶᠠᠪᠤᠳᠠᠯ ᠢ ᠰᠠᠶᠢᠲᠤᠷ ᠬᠢᠬᠦ ᠬᠡᠷᠡᠭᠲᠡᠶ᠃ | ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠤᠨᠤᠭ ᠲᠥᠬᠦᠭᠡᠷᠦᠮᠵᠢ ᠶᠢᠨ | ᠦᠢᠯᠡᠳᠪᠦᠷᠢ ᠶᠢ ᠰᠠᠶᠢᠲᠤᠷ ᠰᠣᠩᠭᠤᠵᠤ᠂ ᠥᠭᠡᠷᠡᠴᠢᠯᠡᠬᠦ ᠵᠠᠭᠪᠤᠷ ᠢ ᠰᠠᠶᠢᠲᠤᠷ ᠲᠣᠭᠲᠠᠭᠠᠵᠤ᠂ ᠪᠠᠷᠢᠯᠭ᠎ᠠ ᠶᠢᠨ ᠶᠠᠰᠤ | ᠴᠢᠨᠠᠷ ᠤᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠬᠠᠭᠤᠯᠤᠨ ᠬᠥᠲᠥᠯᠦᠨ | ᠵᠢᠯᠣᠭᠤᠳᠬᠤ ᠶᠢ ᠴᠢᠩᠭᠠᠳᠬᠠᠵᠤ᠂ ᠠᠷᠢᠭᠤᠨ ᠴᠡᠪᠡᠷ ᠢᠶᠠᠷ ᠳᠤᠯᠠᠭᠠᠯᠠᠬᠤ ᠲᠤᠬᠠᠶ ᠣᠯᠠᠨ ᠲᠦᠮᠡᠨ ᠤ ᠲᠠᠨᠢᠯᠲᠠ ᠪᠠ | ᠳᠡᠮᠵᠢᠯᠭᠡ ᠶᠢᠨ ᠡᠷᠴᠢᠮ ᠢ ᠳᠡᠭᠡᠭᠰᠢᠯᠡᠭᠦᠯᠬᠦ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ᠂ ᠲᠤᠰ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠠᠷᠢᠯᠭ᠎ᠠ ᠶᠢᠨ | ᠠᠵᠢᠯ ᠤᠨ ᠲᠥᠰᠦᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠪᠠᠷ ᠲᠣᠭᠲᠠᠭᠠᠵᠤ᠂ ᠴᠠᠬᠢᠯᠭᠠᠨ ᠳᠤ | ᠲᠣᠬᠢᠷᠠᠮᠵᠢᠲᠠᠶ ᠶᠢ ᠨᠢ ᠴᠠᠬᠢᠯᠭᠠᠨ ᠳᠤ ᠬᠡᠷᠡᠭᠯᠡᠵᠦ᠂ ᠬᠡᠢ ᠳᠤ ᠲᠣᠬᠢᠷᠠᠮᠵᠢᠲᠠᠶ ᠶᠢ ᠨᠢ ᠬᠡᠢ ᠳᠤ ᠬᠡᠷᠡᠭᠯᠡᠬᠦ ᠬᠡᠷᠡᠭᠲᠡᠶ᠃ | ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ | ᠴᠢᠩᠭᠠᠳᠬᠠᠨ᠂ ᠴᠡᠪᠡᠷ ᠡᠨᠧᠷᠭᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠶ᠃ | ᠨᠡᠭᠦᠷᠡᠰᠦ ᠰᠢᠲᠠᠭᠠᠬᠤ ᠭᠦᠸᠧᠯᠦ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢ ᠥᠭᠡᠷᠡᠴᠢᠯᠡᠬᠦ ᠠᠵᠢᠯ ᠤᠨ | ᠴᠢᠬᠤᠯᠠ ᠴᠢᠨᠠᠷ ᠢ ᠭᠦᠶᠴᠡᠳ ᠲᠠᠨᠢᠵᠤ᠂ ᠥᠭᠡᠷᠡᠴᠢᠯᠡᠬᠦ ᠬᠠᠷᠠᠯᠲᠠ ᠪᠠᠨ ᠲᠣᠳᠣᠷᠬᠠᠶᠢᠯᠠᠨ᠂ ᠴᠠᠭ ᠬᠤᠭᠤᠴᠠᠭ᠎ᠠ ᠶᠢ | ᠨᠠᠷᠢᠯᠢᠬᠵᠢᠭᠤᠯᠵᠤ᠂ ᠥᠭᠡᠷᠡᠴᠢᠯᠡᠬᠦ ᠠᠬᠢᠴᠠ ᠪᠠᠨ ᠲᠦᠷᠭᠡᠳᠬᠡᠨ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠺᠠᠩ ᠬᠠᠶ ᠷᠦᠢ᠂ ᠵᠠᠩ ᠱᠦᠨ ᠯᠢ᠂ ᠶᠠᠩ ᠶᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠩ | ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠵᠢᠷᠤᠭ᠄ ᠴᠢᠶᠤᠤ ᠮᠢᠨ | ᠤᠷᠴᠢᠭᠤᠯᠤᠭᠴᠢ᠄ ᠲᠤᠶᠠᠭ᠎ᠠ | | | |