ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ —  ᠴᠡᠪᠡᠷ ᠡᠨᠧᠷᠭᠢ ᠶᠢᠨ ᠥᠭᠡᠷᠡᠴᠢᠯᠡᠯᠲᠡ ᠶᠢᠨ ᠠᠵᠢᠯ ᠢ ᠰᠤᠳᠤᠯᠤᠨ ᠠᠬᠢᠭᠤᠯᠪᠠ
ᠨᠡᠶᠢᠲᠡᠯᠡᠭᠰᠡᠨ ᠴᠠᠭ᠄
2023/8/7
      8 ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠴᠡᠪᠡᠷ ᠡᠨᠧᠷᠭᠢ ᠶᠢᠨ ᠥᠭᠡᠷᠡᠴᠢᠯᠡᠯᠲᠡ ᠶᠢ  ᠠᠬᠢᠭᠤᠯᠬᠤ ᠠᠵᠢᠯ ᠢ ᠰᠤᠳᠤᠯᠪᠠ᠃     ᠬᠤᠷᠠᠯ ᠠᠴᠠ ᠤᠶᠢᠷ᠎ᠠ ᠶᠢᠨ ᠬᠤᠭᠤᠴᠠᠭᠠᠨ ᠤ ᠮᠠᠨ ᠤ  ᠲᠤᠭᠤᠷᠢᠭ ᠤᠨ ᠠᠷᠢᠭᠤᠨ ᠴᠡᠪᠡᠷ ᠡᠨᠧᠷᠭᠢ ᠶᠢᠨ ᠥᠭᠡᠷᠡᠴᠢᠯᠡᠯᠲᠡ ᠶᠢᠨ ᠠᠵᠢᠯ  ᠤᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠠᠴᠠ ᠮᠠᠨ ᠤ  ᠲᠤᠭᠤᠷᠢᠭ ᠤᠨ ᠬᠠᠮᠢᠶ᠎ᠠ ᠪᠥᠬᠦᠶ ᠠᠵᠢᠯ ᠳᠤ ᠰᠠᠨᠠᠭᠤᠯᠭ᠎ᠠ ᠪᠠ ᠰᠠᠨᠠᠯ ᠳᠤᠷᠠᠳᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠴᠡᠪᠡᠷ ᠡᠨᠧᠷᠭᠢ ᠶᠢᠨ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠵᠤ᠂ ᠦᠨᠡᠨ ᠬᠦ ᠰᠠᠶᠢᠨ ᠶᠠᠪᠤᠳᠠᠯ ᠢ ᠪᠣᠳᠠᠲᠠᠶᠢᠵᠢᠭᠤᠯᠵᠤ᠂ ᠪᠣᠳᠠᠲᠠᠶ ᠶᠠᠪᠤᠳᠠᠯ ᠢ ᠰᠠᠶᠢᠲᠤᠷ ᠬᠢᠬᠦ ᠬᠡᠷᠡᠭᠲᠡᠶ᠃ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠤᠨᠤᠭ ᠲᠥᠬᠦᠭᠡᠷᠦᠮᠵᠢ ᠶᠢᠨ ᠦᠢᠯᠡᠳᠪᠦᠷᠢ ᠶᠢ ᠰᠠᠶᠢᠲᠤᠷ ᠰᠣᠩᠭᠤᠵᠤ᠂ ᠥᠭᠡᠷᠡᠴᠢᠯᠡᠬᠦ ᠵᠠᠭᠪᠤᠷ ᠢ ᠰᠠᠶᠢᠲᠤᠷ ᠲᠣᠭᠲᠠᠭᠠᠵᠤ᠂ ᠪᠠᠷᠢᠯᠭ᠎ᠠ ᠶᠢᠨ ᠶᠠᠰᠤ ᠴᠢᠨᠠᠷ ᠤᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠠᠷᠢᠭᠤᠨ ᠴᠡᠪᠡᠷ ᠢᠶᠠᠷ ᠳᠤᠯᠠᠭᠠᠯᠠᠬᠤ ᠲᠤᠬᠠᠶ ᠣᠯᠠᠨ ᠲᠦᠮᠡᠨ ᠤ ᠲᠠᠨᠢᠯᠲᠠ ᠪᠠ ᠳᠡᠮᠵᠢᠯᠭᠡ ᠶᠢᠨ ᠡᠷᠴᠢᠮ ᠢ ᠳᠡᠭᠡᠭᠰᠢᠯᠡᠭᠦᠯᠬᠦ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠤᠰ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠠᠷᠢᠯᠭ᠎ᠠ ᠶᠢᠨ ᠠᠵᠢᠯ ᠤᠨ ᠲᠥᠰᠦᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠪᠠᠷ ᠲᠣᠭᠲᠠᠭᠠᠵᠤ᠂ ᠴᠠᠬᠢᠯᠭᠠᠨ ᠳᠤ ᠲᠣᠬᠢᠷᠠᠮᠵᠢᠲᠠᠶ ᠶᠢ ᠨᠢ ᠴᠠᠬᠢᠯᠭᠠᠨ ᠳᠤ ᠬᠡᠷᠡᠭᠯᠡᠵᠦ᠂ ᠬᠡᠢ ᠳᠤ ᠲᠣᠬᠢᠷᠠᠮᠵᠢᠲᠠᠶ ᠶᠢ ᠨᠢ ᠬᠡᠢ ᠳᠤ ᠬᠡᠷᠡᠭᠯᠡᠬᠦ ᠬᠡᠷᠡᠭᠲᠡᠶ᠃ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠨ᠂ ᠴᠡᠪᠡᠷ ᠡᠨᠧᠷᠭᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠶ᠃ ᠨᠡᠭᠦᠷᠡᠰᠦ ᠰᠢᠲᠠᠭᠠᠬᠤ ᠭᠦᠸᠧᠯᠦ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢ ᠥᠭᠡᠷᠡᠴᠢᠯᠡᠬᠦ ᠠᠵᠢᠯ ᠤᠨ ᠴᠢᠬᠤᠯᠠ ᠴᠢᠨᠠᠷ ᠢ ᠭᠦᠶᠴᠡᠳ ᠲᠠᠨᠢᠵᠤ᠂ ᠥᠭᠡᠷᠡᠴᠢᠯᠡᠬᠦ ᠬᠠᠷᠠᠯᠲᠠ ᠪᠠᠨ ᠲᠣᠳᠣᠷᠬᠠᠶᠢᠯᠠᠨ᠂ ᠴᠠᠭ ᠬᠤᠭᠤᠴᠠᠭ᠎ᠠ ᠶᠢ ᠨᠠᠷᠢᠯᠢᠬᠵᠢᠭᠤᠯᠵᠤ᠂ ᠥᠭᠡᠷᠡᠴᠢᠯᠡᠬᠦ ᠠᠬᠢᠴᠠ ᠪᠠᠨ ᠲᠦᠷᠭᠡᠳᠬᠡᠨ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ᠺᠠᠩ ᠬᠠᠶ ᠷᠦᠢ᠂ ᠵᠠᠩ ᠱᠦᠨ  ᠯᠢ᠂ ᠶᠠᠩ ᠶᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                           ᠵᠢᠷᠤᠭ᠄ ᠴᠢᠶᠤᠤ ᠮᠢᠨ                           ᠤᠷᠴᠢᠭᠤᠯᠤᠭᠴᠢ᠄ ᠲᠤᠶᠠᠭ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2