ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 11 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/1
705470.jpg
    8 ᠰᠠᠷ᠎ᠠ ᠶᠢᠨ 31᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 11  ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠎ ᠤᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠬᠤᠷᠢᠶᠠᠨ ᠤ ᠤᠯᠤᠰ ᠲᠦᠷᠦ ᠶᠢᠨ  ᠲᠤᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠎ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠤᠨ ᠱᠠᠭᠠᠷᠳᠠᠭᠰᠠᠨ ᠨᠢ᠂ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠎ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠭᠤᠤᠯ ᠠᠭᠤᠯᠭ᠎ᠠ ᠶᠢ ᠭᠦᠨᠵᠡᠭᠡᠶ ᠡᠵᠡᠮᠰᠢᠵᠦ᠂ ᠲᠡᠭᠦᠨ ᠤ ᠭᠤᠤᠯ ᠴᠢᠬᠤᠯᠠ ᠠᠭᠤᠯᠭ᠎ᠠ ᠶᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠮᠠᠨ ᠤ  ᠲᠤᠭᠤᠷᠢᠭ ᠢ ᠳᠠᠶᠢᠴᠢᠯᠠᠨ ᠭᠠᠵᠠᠷ ᠰᠢᠷᠣᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ︽ᠲᠡᠭ ᠪᠣᠯᠭᠠᠬᠤ︾ ᠬᠠᠷᠠᠯᠲᠠ ᠶᠢ ᠲᠦᠷᠭᠡᠨ ᠪᠡᠶᠡᠯᠡᠭᠦᠯᠬᠦ ᠬᠡᠷᠡᠭᠲᠡᠢ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠥᠷᠭᠡᠨ ᠤᠯᠠᠨ ᠠᠵᠤ ᠠᠬᠤᠶᠢᠯᠠᠯ᠂ ᠺᠠᠳ᠋ᠷ ᠠᠵᠢᠯᠳᠠᠨ ᠠᠵᠢᠯᠴᠢᠨ ᠪᠠ ᠠᠷᠠᠳ ᠤᠯᠠᠨ ᠢ ᠬᠥᠲᠥᠯᠥᠨ ᠵᠢᠯᠣᠭᠤᠳᠴᠤ ᠪᠠᠶᠢᠭᠠᠳ ᠭᠠᠵᠠᠷ ᠣᠷᠣᠨ ᠢᠶᠠᠨ ᠬᠠᠶᠢᠷᠠᠯᠠᠵᠤ ᠬᠠᠮᠠᠭᠠᠯᠠᠬᠤ ᠤᠬᠠᠮᠰᠠᠷ ᠢ ᠨᠢ ᠲᠠᠰᠤᠷᠠᠯᠳᠠ ᠦᠭᠡᠢ ᠴᠢᠩᠭᠠᠷᠠᠭᠤᠯᠵᠤ᠂ ᠪᠦᠬᠦ ᠠᠷᠠᠳ ᠢᠶᠠᠷ ᠢᠶᠠᠨ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃    ᠬᠤᠷᠠᠯ ᠠᠴᠠ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠠᠰᠠᠭᠤᠳᠠᠯ ᠪᠣᠯᠬᠤ ᠪᠠᠷ ᠪᠠᠷᠠᠬᠤ ᠥᠬᠡᠶ ᠪᠠᠰᠠ ᠬᠥᠭᠵᠢᠯᠲᠡ ᠶᠢᠨ ᠠᠰᠠᠭᠤᠳᠠᠯ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠪᠠᠷ ᠡᠬᠢᠯᠡᠯᠲᠡ ᠪᠣᠯᠭᠠᠵᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠠᠷᠠᠲᠤ ᠰᠤᠷᠭᠠᠭᠤᠯᠢ᠂ ᠨᠠᠷᠠᠲᠤ ᠰᠤᠷᠭᠠᠭᠤᠯᠢ ᠶᠢᠨ ᠵᠠᠬᠢᠷᠤᠯ᠂ ᠨᠠᠷᠠᠲᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                           ᠵᠢᠷᠤᠭ᠄ ᠴᠢᠶᠤᠤ ᠮᠢᠨ                          ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2