ᠤᠯᠠᠭᠠᠨᠴᠠᠪ ᠤᠨ ︽ᠲᠠᠯ᠎ᠠ ᠨᠤᠲᠤᠭ ᠤᠨ ᠲᠣᠷᠭᠠᠨ ᠵᠠᠮ︾ ᠨᠠᠢᠮᠠᠳᠤᠭᠠᠷ ᠬᠤᠭᠤᠴᠠᠭᠠᠨ ᠤ ᠵᠢᠨᠢᠩ ᠣᠯᠠᠨ ᠤᠯᠤᠰ ᠤᠨ ᠠᠷᠠᠰᠤ ᠰᠢᠷᠢ ᠶᠢᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2023/9/11
834470.jpg
    9 ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠤᠨ ︽ᠲᠠᠯ᠎ᠠ ᠨᠤᠲᠤᠭ ᠤᠨ ᠲᠣᠷᠭᠠᠨ ᠵᠠᠮ︾᠎  ᠨᠠᠢᠮᠠᠳᠤᠭᠠᠷ ᠬᠤᠭᠤᠴᠠᠭᠠᠨ ᠤ ᠵᠢᠨᠢᠩ ᠣᠯᠠᠨ ᠤᠯᠤᠰ ᠤᠨ ᠠᠷᠠᠰᠤ ᠰᠢᠷᠢ ᠶᠢᠨ ᠨᠠᠶᠢᠷ ᠵᠢᠩᠬᠢᠨᠢ ᠪᠠᠷ ᠡᠬᠢᠯᠡᠵᠦ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠠᠷᠠᠰᠤ ᠰᠢᠷᠢ ᠶᠢᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ᠂ ᠵᠢᠷᠤᠭ ᠲᠥᠯᠥᠪᠯᠡᠭᠴᠢ᠂ ᠬᠤᠳᠠᠯᠳᠤᠭᠠᠴᠢᠨ ᠪᠠ ᠠᠷᠠᠰᠤ ᠰᠢᠷᠢ ᠶᠢᠨ ᠪᠠᠭ᠋ᠠᠳᠠᠳ ᠵᠢᠨᠢᠩ ᠳᠤ ᠴᠤᠭᠯᠠᠷᠠᠵᠤ᠂ ᠬᠠᠮᠲᠤᠷᠠᠯᠴᠠᠭ᠎ᠠ ᠶᠢ ᠬᠠᠮᠲᠤ ᠪᠠᠷ ᠶᠠᠷᠢᠯᠴᠠᠵᠤ᠂ ᠬᠥᠭᠵᠢᠯᠲᠡ ᠶᠢ ᠬᠠᠮᠲᠤ ᠪᠠᠷ ᠵᠥᠪᠳᠡᠯᠴᠡᠨ᠂ ᠢᠷᠡᠭᠡᠳᠦᠶ ᠶᠢ ᠬᠠᠮᠲᠤ ᠪᠠᠷ ᠲᠥᠯᠥᠪᠯᠡᠵᠦ ᠪᠠᠶᠢᠨ᠎ᠠ᠃     ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠶ ᠸᠧᠶ ᠵᠢᠶᠦ᠋ᠨ᠂ ᠳᠤᠮᠳᠠᠳᠤ ᠤᠯᠤᠰ ᠤᠨ ᠠᠷᠠᠰᠤ ᠰᠢᠷᠢ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠴᠧᠨ ᠵᠠᠨ ᠭᠤᠸᠠᠩ᠂ ᠳᠤᠮᠳᠠᠳᠤ ᠤᠯᠤᠰ ᠤᠨ ᠠᠷᠠᠰᠤ ᠰᠢᠷᠢ ᠶᠢᠨ ᠰᠤᠳᠤᠯᠭᠠᠨ ᠤ ᠬᠦᠷᠢᠶᠡᠯᠡᠩ᠂ ᠤᠯᠤᠰ ᠤᠨ ᠠᠷᠠᠰᠤ ᠰᠢᠷᠢ ᠶᠢ ᠰᠢᠯᠭᠠᠨ ᠪᠠᠶᠢᠴᠠᠭᠠᠬᠤ ᠲᠥᠪ ᠤᠨ ᠡᠷᠬᠢᠯᠡᠭᠴᠢ ᠼᠦᠢ ᠰᠢᠶᠠᠩ ᠳ᠋ᠦᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠭᠦᠸᠧ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠵᠢᠴᠢ ᠬᠤᠲᠠ ᠶᠢᠨ ᠤᠳᠤᠷᠢᠳᠤᠯᠭ᠎ᠠ ᠯᠢᠦ ᠹᠸᠢ ᠮᠢᠩ᠂ ᠼᠤᠤ ᡁᠢ᠂ ᠯᠢ ᠵᠢᠶᠠᠨ  ᠸᠧᠨ᠂ ᠶᠢᠨ ᠴᠢᠶᠠᠨ ᠪᠢᠨ ᠵᠡᠷᠭᠡ ᠬᠤᠲᠠ ᠂ ᠲᠣᠭᠤᠷᠢᠭ ᠤᠨ ᠬᠤᠶᠠᠷ ᠱᠠᠲᠤᠨ ᠤ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠶᠣᠰᠣᠯᠠᠯ ᠨᠢ ᠵᠢᠨᠢᠩ ᠲᠣᠭᠤᠷᠢᠭ ᠤᠨ ᠤᠯᠠᠭᠠᠨᠮᠥ᠋ᠴᠢᠷ ᠤᠨ ︽  ᠭᠠᠷ ᠭᠠᠷ ᠢᠶᠠᠨ ᠬᠤᠯᠪᠤᠯᠴᠠᠶ᠎ᠠ︾ ᠭᠡᠬᠦ ᠳᠠᠭᠤᠤ ᠪᠥᠵᠢᠭ ᠎ ᠢᠶᠠᠷ ᠬᠥᠰᠢᠭᠡ ᠪᠠᠨ ᠰᠡᠬᠦᠪᠡ᠃ ᠰᠦᠷ ᠵᠢᠪᠬᠤᠯᠠᠩᠲᠤ ᠠᠶᠢᠵᠠᠮ ᠴᠣᠬᠢᠯᠭ᠎ᠠ᠂ ᠢᠳᠡᠷᠡᠭᠦᠨ  ᠰᠠᠶᠢᠬᠠᠨ ᠪᠥᠵᠢᠭ ᠤᠨ ᠬᠥᠳᠡᠯᠦᠯ ᠪᠠᠶᠢᠳᠠᠯ ᠨᠢ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠤ ᠤᠷᠮ᠎ᠠ ᠵᠣᠷᠢᠭ ᠢ ᠬᠦᠭᠵᠢᠭᠡᠵᠡᠢ᠂ ︽ᠲᠠᠯ᠎ᠠ ᠨᠤᠲᠤᠭ ᠲᠤ ᠴᠤᠭᠯᠠᠷᠠᠯ᠎ᠠ︾᠂ ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾ ᠵᠡᠷᠭᠡ ᠳᠠᠭᠤᠤ   ᠪᠤᠯᠤᠨ ᠥᠯᠵᠡᠶᠢᠲᠦ ᠠᠷᠰᠯᠠᠨ ᠪᠥᠵᠢᠭᠯᠡᠬᠦ ᠭᠤᠶᠢᠳᠠ ᠰᠠᠶᠢᠬᠠᠨ ᠲᠣᠭᠯᠠᠯᠲᠠ ᠶᠢ ᠲᠠᠭᠠᠯᠳᠤᠨ‌‍ᠲ᠋ᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠦᠭᠵᠢᠭᠡᠵᠦ ᠨᠢᠵᠢᠭᠢᠨᠡᠲᠡᠯ᠎ᠡ ᠠᠯᠠᠭ᠎ᠠ ᠲᠠᠰᠢᠯᠳᠠ ᠶᠢᠨ ᠲᠠᠭᠤᠨ ᠢ ᠴᠤᠤᠷᠢᠶᠠᠲᠤᠭᠤᠯᠪᠠ᠃    ᠵᠠᠩ ᠶᠦᠩ ᠸᠧᠨ ᠪᠠᠶᠠᠷ ᠤᠨ ᠦᠭᠡ ᠳᠡᠭᠡᠨ ᠂ ᠵᠢᠨᠢᠩ ᠲᠣᠭᠤᠷᠢᠭ ᠤᠨ ᠥᠪᠡᠷᠮᠢᠴᠡ ᠬᠥᠭᠵᠢᠯᠲᠡ ᠶᠢᠨ ᠳᠠᠪᠠᠭᠤᠯᠢᠭ ᠪᠣᠯᠤᠨ ᠭᠦᠨ ᠵᠤᠵᠠᠭᠠᠨ ᠠᠷᠠᠰᠤ ᠰᠢᠷᠢ ᠶᠢᠨ ᠰᠣᠶᠣᠯ ᠢ ᠪᠦᠬᠦ ᠲᠠᠯ᠎ᠠ ᠪᠠᠷ ᠲᠠᠨᠢᠯᠴᠠᠭᠤᠯᠵᠤ᠂ ᠡᠨᠡ ᠵᠢᠯ ᠪᠦᠬᠦ  ᠲᠤᠭᠤᠷᠢᠭ ᠤᠨ ᠠᠷᠠᠰᠤ ᠰᠢᠷᠢ ᠶᠢᠨ ᠠᠵᠤ ᠦᠢᠯᠡᠰ ᠤᠨ ᠬᠦᠴᠦᠷᠬᠡᠭ ᠰᠡᠷᠭᠦᠯᠲᠡ ᠨᠢ ᠲᠠᠯ᠎ᠠ ᠨᠤᠲᠤᠭ ᠤᠨ ᠠᠷᠠᠰᠤ ᠰᠢᠷᠢ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠳᠠᠷᠠᠭᠠᠴᠢ ᠶᠢᠨ ᠠᠯᠬᠤᠮ ᠳᠤ ᠬᠤᠳᠠ᠂ ᠲᠣᠭᠤᠷᠢᠭ ᠬᠤᠶᠠᠷ ᠱᠠᠲᠤᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ  ᠠᠷᠠᠰᠤ ᠰᠢᠷᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠠᠯ᠎ᠠ ᠨᠤᠲᠤᠭ ᠤᠨ ᠠᠷᠠᠰᠤ ᠰᠢᠷᠢ ᠶᠢᠨ ᠬᠤᠳᠠ ᠶᠢ ᠬᠥᠭᠵᠢᠭᠦᠯᠵᠦ᠂ ᠪᠦᠬᠦ ᠬᠤᠳᠠ ᠶᠢᠨ ᠠᠷᠠᠰᠤ ᠰᠢᠷᠢ ᠶᠢᠨ ᠠᠵᠤ ᠠᠬᠤᠢ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ  ᠭᠡᠵᠡᠢ᠃   ᠳᠤᠮᠳᠠᠳᠤ ᠤᠯᠤᠰ ᠤᠨ ᠠᠷᠠᠰᠤ ᠰᠢᠷᠢ ᠶᠢᠨ ᠨᠡᠶᠢᠭᠡᠮᠯᠢᠭ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠴᠧᠨ ᠵᠠᠨ ᠭᠤᠸᠠᠩ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠣᠯᠠᠨ ᠤᠯᠤᠰ ᠤᠨ ᠠᠷᠠᠰᠤ ᠰᠢᠷᠢ ᠶᠢᠨ ᠨᠠᠶᠢᠷ ᠨᠢ ᠪᠥᠬᠦ ᠤᠯᠤᠰ ᠤᠨ ᠠᠷᠠᠰᠤ ᠰᠢᠷᠢ ᠶᠢᠨ ᠠᠵᠢᠯ ᠲᠥᠷᠥᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠢᠳᠡᠪᠬᠢᠲᠡᠶ ᠦᠶᠯᠡᠳᠦᠯ ᠲᠠᠢ ᠪᠥᠭᠡᠳ ᠤᠯᠠᠭᠠᠨᠴᠠᠪ ᠬᠤᠲᠠ ᠶᠢᠨ ᠠᠷᠠᠰᠤ ᠰᠢᠷᠢ ᠶᠢᠨ ᠠᠵᠤ ᠦᠶᠯᠡᠰ ᠤᠨ ᠢᠷᠡᠭᠡᠳᠦᠶ ᠶᠢᠨ ᠬᠥᠭᠵᠢᠯᠲᠡ ᠳᠤ ᠰᠢᠨ᠎ᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ ᠭᠡᠵᠡᠶ᠃    ᠶᠣᠰᠣᠯᠠᠯ ᠳᠡᠭᠡᠷ᠎ᠡ᠂ 2023 ᠣᠨ ᠤ ᠵᠢᠨᠢᠩ ᠤᠯᠠᠨ ᠤᠯᠤᠰ ᠤᠨ ᠠᠷᠠᠰᠤ ᠰᠢᠷᠢ ᠶᠢᠨ ᠬᠤᠳᠠ ᠶᠢᠨ ᠤᠯᠤᠰ ᠤᠨ ᠬᠡᠪ ᠨᠠᠮᠪᠠ᠂ ᠴᠠᠭ ᠤᠨ ᠦᠡᠭᠭᠡ᠂ ᠰᠣᠩᠭᠤᠳᠠᠭ ᠪᠦᠲᠦᠭᠡᠯ ᠤᠨ ᠰᠢᠷᠢᠰ ᠨᠠᠮᠤᠷ ᠡᠪᠦᠯ ᠤᠨ ᠠᠷᠠᠰᠤ ᠰᠢᠷᠢ ᠶᠢᠨ ᠰᠢᠨ᠎ᠡ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠪᠡ ᠃ ᠵᠢᠨᠢᠩ  ᠣᠯᠠᠨ ᠤᠯᠤᠰ ᠤᠨ ᠠᠷᠠᠰᠤ ᠰᠢᠷᠢ ᠶᠢᠨ ᠬᠤᠲᠠ ᠶᠢᠨ ︽ᠠᠷᠠᠰᠤ ᠰᠢᠷᠢ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ︾᠎ ᠤᠨ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ᠲᠡᠭᠦᠨ ᠳᠤ ︽ᠰᠢᠶᠦᠩ ᠮᠤᠤ ᠵᠢᠢ ᠰᠢᠶᠠᠩ︾ ᠲᠠᠸᠠᠷ ᠤᠨ ᠲᠡᠮᠳᠡᠭ ᠤᠨ ᠦᠨᠡᠮᠯᠡᠯ ᠣᠯᠭᠤᠪᠠ ᠃ ᠰᠢᠨ᠎ᠡ ᠪᠠᠷ ᠣᠷᠣᠵᠤ ᠰᠠᠭᠤᠭᠰᠠᠨ ᠨᠠᠷᠠᠲᠤ ᠲᠡᠮᠳᠡᠭᠲᠦ ᠠᠵᠤ ᠠᠬᠤᠶᠢᠯᠠᠯ ᠤᠨ ᠠᠷᠪᠠᠨ ᠲᠥᠯᠥᠭᠡᠯᠡᠭᠴᠢ ᠴᠦ ᠲᠥᠪᠯᠡᠷᠡᠭᠦᠯᠦᠨ ᠭᠡᠷ᠎ᠡ ᠲᠣᠭᠲᠠᠪᠠ᠃     ᠡᠭᠦᠨ ᠤ ᠳᠠᠷᠠᠭ᠎ᠠ᠂ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠣᠶ ᠪᠥᠬᠦᠶ ᠤᠳᠤᠷᠢᠳᠤᠯᠭ᠎ᠠ ᠪᠣᠯᠤᠨ ᠬᠦᠨᠳᠦᠲᠦ ᠵᠣᠴᠢᠳ ᠵᠢᠨᠢᠩ  ᠣᠯᠠᠨ ᠤᠯᠤᠰ ᠤᠨ ᠠᠷᠠᠰᠤ ᠰᠢᠷᠢ ᠶᠢᠨ ᠬᠤᠲᠠ ᠳᠤ ᠬᠦᠷᠴᠦ ᠲᠣᠭᠤᠷᠢᠨ ᠦᠵᠡᠭᠰᠡᠨ ᠪᠥᠭᠡᠳ ᠨᠠᠷᠠᠲᠤ ᠲᠡᠮᠳᠡᠭ ᠤᠨ ᠰᠢᠨ᠎ᠡ ᠪᠦᠲᠦᠭᠡᠭᠳᠡᠬᠦᠨ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠣᠯᠠᠨ ᠤᠯᠤᠰ ᠤᠨ ᠠᠷᠠᠰᠤ ᠰᠢᠷᠢ ᠶᠢᠨ ᠨᠠᠶᠢᠷ ᠲᠤ ᠠᠷᠠᠰᠤ ᠰᠢᠷᠢ ᠶᠢᠨ ᠲᠦᠷᠦᠭᠦᠴᠦᠳ ᠤᠨ ᠬᠤᠷᠠᠯ᠂ ᠳᠤᠮᠳᠠᠳᠤ ᠤᠯᠤᠰ ᠤᠨ ᠭᠠᠳᠠᠭᠠᠳᠤ ᠶᠢᠨ ᠬᠤᠳᠠᠯᠳᠤᠭᠠᠴᠢᠨ ᠤ ᠠᠷᠠᠰᠤ ᠰᠢᠷᠢ ᠶᠢᠨ ᠪᠠᠷᠠᠭ᠎ᠠ ᠵᠠᠬᠢᠶᠠᠯᠠᠬᠤ ᠭᠠᠷᠠᠭ᠂ ᠵᠢᠷᠤᠭ ᠲᠥᠯᠥᠪᠯᠡᠭᠡ ᠶᠢᠨ ᠤᠷᠤᠯᠳᠤᠭᠠᠨ᠂ ᠠᠷᠠᠰᠤ ᠰᠢᠷᠢ ᠶᠢᠨ ᠨᠠᠷᠠᠲᠤ ᠲᠡᠮᠳᠡᠭ ᠤᠨ ᠰᠢᠨ᠎ᠡ ᠪᠦᠲᠦᠭᠡᠭᠳᠡᠬᠦᠨ ᠢ ᠨᠡᠶᠢᠲᠡᠯᠡᠬᠦ ᠬᠤᠷᠠᠯ᠂ ᠬᠤᠳᠠᠯᠳᠤᠭᠠᠨ ᠤ ᠶᠠᠪᠤᠳᠠᠯ ᠤᠨ ᠵᠥᠪᠳᠡᠯᠴᠡᠭᠡ ᠵᠡᠷᠭᠡ ᠶᠢ ᠪᠠᠭᠲᠠᠭᠠᠭᠰᠠᠨ ᠣᠯᠠᠨ ᠠᠵᠢᠯᠯᠠᠭᠠᠨ ᠤ ᠭᠤᠭᠴᠤᠭ᠎ᠠ ᠲᠠᠢ ᠪᠠᠶᠢᠵᠤ᠂ ᠠᠵᠢᠯ ᠲᠥᠷᠥᠯ ᠤᠨ ᠬᠢᠨ ᠪᠠ ᠬᠡᠷᠡᠭᠯᠡᠭᠴᠢᠳ ᠲᠤ ᠳᠡᠯᠭᠡᠨ ᠦᠵᠡᠭᠦᠯᠬᠦ ᠪᠠ ᠰᠣᠯᠢᠯᠴᠠᠬᠤ ᠲᠠᠪᠴᠠᠩ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠪᠠᠶᠠᠷ ᠤᠨ ᠬᠤᠭᠤᠴᠠᠭᠠᠨ ᠳᠤ ᠪᠠᠰᠠ ᠵᠢᠨᠢᠩ ᠣᠯᠠᠨ ᠤᠯᠤᠰ ᠤᠨ ᠠᠷᠠᠰᠤ ᠰᠢᠷᠢ ᠶᠢᠨ ᠬᠤᠲᠠ ᠶᠢᠨ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠡᠬᠢᠯᠡᠭᠦᠯᠵᠦ᠂ ᠬᠡᠷᠡᠭᠯᠡᠭᠴᠢᠳ ᠲᠤ ᠨᠠᠩ ᠣᠯᠠᠨ ᠬᠠᠷᠠᠭᠠᠯᠵᠠᠯ ᠦᠵᠡᠭᠦᠯᠪᠡ᠃                       ᠵᠢᠷᠤᠭ᠄ ᠴᠢᠶᠤᠤ ᠮᠢᠨ                       ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2