ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠵᠢᠴᠢ ᠭᠤᠴᠢ ᠶᠢᠰᠦᠳᠦᠭᠡᠷ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/11
706470.jpg
    9 ᠰᠠᠷ᠎ᠠ ᠶᠢᠨ 10᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠵᠢᠴᠢ ᠭᠤᠴᠢ ᠶᠢᠰᠦᠳᠦᠭᠡᠷ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠮᠠᠨ ᠤ  ᠲᠤᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠬᠠᠮᠲᠤ  ᠨᠢᠭᠡᠴᠢ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂ ᠣᠯᠠᠨ ᠢᠶᠠᠷ ᠢᠶᠠᠨ ᠬᠥᠮᠦᠨ ᠢ ᠬᠥᠮᠦᠵᠢᠭᠦᠯᠬᠦ ᠣᠭ ᠰᠠᠨᠠᠭ᠎ᠠ ᠪᠠᠨ ᠮᠠᠷᠲᠠᠯ ᠥᠬᠡᠶ᠂ ᠬᠥᠮᠦᠨ ᠢ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠶᠢ  ᠵᠤᠷᠢᠭᠵᠢᠭᠤᠯᠵᠠᠢ᠃    ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠬᠤᠷᠠᠯ ᠡᠷᠭᠢᠯᠡᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᠯᠦᠩ᠂  ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠵᠡᠷᠭᠡ ᠳᠦᠷᠪᠡᠨ ᠶᠡᠭᠡ  ᠤᠳᠤᠷᠢᠳᠬᠤ ᠪᠠᠭ ᠂  ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂   ᠪᠠᠶᠢᠭᠤᠯᠭ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠵᠢᠴᠢ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ︵ᠠᠵᠢᠯᠴᠢᠨ︶᠎ ᠤᠨ  ᠬᠤᠷᠢᠶ᠎ᠠ ᠶᠢᠨ ᠱᠦᠵᠢ ᠬᠤᠷᠠᠯ ᠳᠤ ᠣᠷᠣᠯᠴᠠᠪᠠ᠃      ᠶᠡᠭᠡ ᠬᠤᠷᠠᠯ ᠨᠢ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠤᠨ ᠲᠥᠯᠥᠭᠡᠯᠡᠭᠴᠢᠳ ᠤᠨ ᠴᠢᠩ ᠰᠡᠳᠬᠢᠯ ᠤᠨ ᠪᠠᠶᠠᠷ ᠤᠨ ᠦᠭᠡ ᠶᠢᠨ ᠳᠤᠮᠳᠠ ᠬᠥᠰᠢᠭᠡ ᠪᠠᠨ ᠰᠡᠬᠦᠪᠡ᠃ ᠬᠤᠷᠠᠯ ᠠᠴᠠ ᠮᠠᠨ ᠤ  ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ︽ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︽ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾᠎ ᠶᠢ ᠲᠠᠶᠢᠯᠪᠤᠷᠢᠯᠠᠨ ᠲᠣᠳᠣᠷᠬᠠᠶᠢᠯᠠᠪᠠ ᠃ ︽2023 ᠣᠨ ᠤ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠢ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ︾᠎ ᠢ ᠤᠩᠰᠢᠨ ᠨᠡᠶᠢᠲᠡᠯᠡᠵᠦ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ︽ᠲᠡᠷᠢᠭᠦᠨ ᠤ ᠬᠠᠮᠲᠤ ᠨᠢᠭᠡᠴᠢ ︾᠂ ︽ᠰᠢᠯᠢᠳᠡᠭ ᠰᠤᠷᠭᠠᠭᠤᠯᠢ ︵ᠴᠡᠴᠡᠷᠯᠢᠭ︶᠎ ᠶᠢᠨ ᠳᠠᠷᠤᠭ᠎ᠠ︾᠂ ︽ᠰᠢᠯᠢᠳᠡᠭ ᠪᠠᠭᠰᠢ︾᠂ ︽ᠰᠢᠯᠢᠳᠡᠭ ᠰᠤᠷᠭᠠᠨ ᠬᠥᠮᠦᠵᠢᠯ ᠤᠨ ᠠᠵᠢᠯᠲᠠᠳ︾᠂ ︽ᠪᠠᠭᠰᠢ ᠶᠢᠨ ᠮᠣᠷᠠᠯ ᠰᠤᠷᠲᠠᠯ ᠤᠨ ᠲᠡᠷᠢᠭᠦᠨ ᠤ ᠬᠤᠪᠢ ᠬᠥᠮᠦᠨ︾᠂ ︽ᠶᠣᠰᠣ ᠰᠤᠷᠲᠠᠬᠤᠨ ᠤ ᠬᠥᠮᠦᠵᠢᠯ ᠤᠨ ᠲᠡᠷᠢᠭᠦᠨ ᠤ ᠬᠤᠪᠢ ᠬᠥᠮᠦᠨ︾ ᠵᠡᠷᠭᠡ ᠲᠡᠷᠢᠭᠦᠨ ᠤ ᠬᠠᠮᠲᠤ ᠪᠠ ᠬᠤᠪᠢ ᠬᠥᠮᠦᠨ ᠳᠤ ᠦᠨᠡᠮᠯᠡᠯ ᠣᠯᠭᠤᠪᠠ ᠃ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢᠳ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃    ᠵᠠᠩ ᠶᠦᠩ ᠸᠧᠨ ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠵᠦ᠂ ᠪᠦᠬᠦ  ᠲᠤᠭᠤᠷᠢᠭ ᠤᠨ ᠥᠷᠭᠡᠨ ᠤᠯᠠᠨ ᠪᠠᠭᠰᠢ᠂ ᠰᠤᠷᠭᠠᠨ ᠬᠥᠮᠦᠵᠢᠯ ᠤᠨ ᠠᠵᠢᠯᠳᠠᠨ᠂ ᠠᠵᠢᠯ ᠠᠴᠠ ᠪᠠᠨ ᠳᠠᠷᠬᠠᠯᠠᠭᠳᠠᠭᠰᠠᠨ ᠠᠮᠠᠷᠠᠭᠰᠠᠨ ᠪᠠᠭᠰᠢ ᠠᠵᠢᠯᠳᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠬᠥᠬᠢᠭᠦᠯᠦᠯ ᠬᠦᠷᠳᠡᠭᠰᠡᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠳᠤ ᠬᠠᠯᠠᠭᠤᠨ ᠪᠠᠶᠠᠷ  ᠬᠦᠷᠭᠡᠵᠡᠢ᠂ ᠤᠷᠳᠤ ᠬᠤᠭᠤᠴᠠᠭᠠᠨ ᠤ ᠲᠤᠷᠰᠢ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ ᠲᠡᠷᠡ ᠵᠢᠭᠠᠭᠰᠠᠨ ᠨᠢ᠂ ᠣᠶᠢᠷ᠎ᠠ ᠶᠢᠨ ᠵᠢᠯ ᠳᠤ᠂ ᠵᠢᠨᠢᠩ ᠲᠣᠭᠤᠷᠢᠭ ᠤᠨ ᠬᠢᠨ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠬᠠᠷᠠᠯᠲᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠵᠢᠯ ᠤᠨ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠨᠡᠩ ᠵᠣᠬᠢᠴᠠᠩᠭᠤᠶ ᠪᠣᠯᠵᠤ᠂ ᠰᠤᠷᠭᠠᠭᠤᠯᠢ ᠡᠷᠬᠢᠯᠡᠬᠦ ᠨᠥᠬᠦᠴᠡᠯ ᠡᠳᠦᠷ ᠢᠷᠡᠬᠦᠶ᠎ᠡ ᠰᠠᠶᠢᠵᠢᠷᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠪᠠᠭᠰᠢ ᠶᠢᠨ ᠬᠦᠴᠦᠨ ᠦᠷᠭᠦᠯᠵᠢᠯᠡᠨ ᠴᠢᠩᠭᠠᠷᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠭᠦᠨᠵᠡᠭᠡᠢ ᠠᠬᠢᠭᠤᠯᠵᠤ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠷᠡᠵᠦ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠦᠢᠯᠡᠰ ᠲᠦᠷᠭᠡᠨ ᠬᠥᠭᠵᠢᠪᠡ᠂ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠵᠤ᠂ ᠰᠢᠯᠢᠳᠡᠭ ᠢ ᠡᠭᠦᠳᠴᠦ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠠᠨ ᠤ  ᠲᠤᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃    ᠵᠠᠩ ᠶᠦᠩ ᠸᠧᠨ  ᠱᠠᠭᠠᠷᠳᠠᠭᠰᠠᠨ ᠨᠢ᠂ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠠᠯᠤᠰ ᠬᠡᠳᠦ ᠶᠢ ᠪᠣᠳᠣᠯᠬᠢᠯᠠᠬᠤ ᠦᠨᠳᠦᠷᠴᠡ ᠠᠴᠠ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠴᠢᠨᠠᠭᠰᠢᠳᠠ ᠴᠢᠩᠭᠠᠳᠬᠠᠵᠤ᠂ ᠰᠤᠷᠭᠠᠨ ᠬᠥᠮᠦᠵᠢᠯ ᠢ ᠨᠡᠩ ᠳᠤᠪᠤᠶᠢᠮ᠎ᠠ ᠪᠠᠶᠢᠷᠢᠨ ᠳᠤ ᠲᠠᠯᠪᠢᠵᠤ ᠠᠷᠭ᠎ᠠ ᠰᠦᠪᠡᠭᠴᠢᠯᠡᠨ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ  ᠲᠤᠭᠤᠰᠢᠯᠠᠭᠤᠯᠤᠨ᠂ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠭᠤᠶᠢᠪᠢᠰᠢ ᠥᠬᠡᠶ ᠪᠠᠷᠢᠮᠲᠠᠯᠠᠵᠤ᠂ ᠶᠣᠰᠣ ᠮᠣᠷᠠᠯ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠡᠨᠡᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠬᠦ ᠬᠡᠷᠡᠭᠲᠡᠶ ᠃ ᠠᠷᠠᠳ ᠲᠦᠮᠡᠨ ᠢᠶᠠᠷ ᠭᠤᠣᠯ ᠪᠣᠯᠭᠠᠨ ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠢ ᠰᠠᠶᠢᠲᠤᠷ ᠠᠳᠬᠤᠬᠤ ᠪᠣᠯ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢᠨ ᠪᠠᠶᠢᠪᠠᠰᠤ ᠵᠣᠬᠢᠬᠤ ᠠᠭᠤᠯᠭ᠎ᠠ ᠪᠣᠯᠬᠤ ᠶᠢ ᠲᠣᠳᠣᠷᠬᠠᠢ ᠲᠠᠨᠢᠵᠤ᠂ ᠬᠡᠦᠬᠡᠳ ᠨᠢᠭᠡᠪᠦᠷᠢ ᠶᠢ ᠬᠠᠪᠰᠤᠷᠤᠨ ᠠᠮᠢᠳᠤᠷᠠᠬᠤᠢ ᠶᠢᠨ ᠦᠷᠳᠡᠭ ᠢ ᠨᠢ ᠪᠡᠶᠡᠯᠡᠭᠦᠯᠵᠦ᠂ ᠠᠮᠵᠢᠯᠲᠠ ᠳᠤ ᠬᠦᠷᠭᠡᠬᠦ ᠬᠡᠷᠡᠭᠲᠡᠢ ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠠᠰᠢᠭ ᠣᠯᠵᠠᠪᠤᠷᠢ ᠶᠢ ᠬᠥᠮᠦᠨ ᠠᠮᠠ ᠶᠢᠨ ᠠᠰᠢᠭ ᠣᠯᠵᠠᠪᠤᠷᠢ ᠪᠣᠯᠭᠠᠨ ᠬᠤᠪᠢᠷᠠᠭᠤᠯᠵᠤ᠂ ᠬᠥᠮᠦᠨ ᠠᠮᠠ ᠶᠢᠨ ᠠᠰᠢᠭ ᠣᠯᠵᠠᠪᠤᠷᠢ ᠶᠢ ᠬᠥᠭᠵᠢᠯᠲᠡ ᠶᠢᠨ ᠠᠰᠢᠭ ᠣᠯᠵᠠᠪᠤᠷᠢ ᠪᠣᠯᠭᠠᠨ ᠬᠤᠪᠢᠷᠠᠭᠤᠯᠵᠤ᠂ ᠰᠤᠷᠭᠠᠨ ᠬᠥᠮᠦᠵᠢᠯ ᠢᠶᠠᠷ ᠬᠥᠮᠦᠨ ᠢ ᠴᠤᠭᠯᠠᠷᠠᠭᠤᠯᠬᠤ᠂ ᠰᠤᠷᠭᠠᠨ ᠬᠥᠮᠦᠵᠢᠯ ᠢᠶᠠᠷ ᠬᠤᠳᠠ ᠶᠢ ᠮᠠᠨᠳᠤᠭᠤᠯᠬᠤ ᠶᠢ  ᠪᠡᠶᠡᠯᠡᠭᠦᠯᠬᠦ ᠬᠡᠷᠡᠭᠲᠡᠢ᠃   ᠵᠠᠩ ᠶᠦᠩ ᠸᠧᠨ ᠴᠢᠬᠤᠯᠠᠴᠢᠯᠠᠭᠰᠠᠨ ᠨᠢ᠂ ᠨᠠᠮ ᠤᠨ ᠰᠤᠷᠭᠠᠨ ᠬᠥᠮᠦᠵᠢᠯ ᠤᠨ ᠦᠢᠯᠡᠰ ᠲᠠᠬᠢ ᠪᠦᠬᠦ ᠲᠠᠯ᠎ᠠ ᠵᠢᠨ‌ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠲᠤᠭᠤᠷᠢᠭ ᠢᠶᠠᠷ ᠢᠶᠠᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠵᠢᠯᠴᠠᠨ ᠬᠠᠮᠵᠢᠯᠴᠠᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠰᠤᠷᠭᠠᠨ ᠬᠥᠮᠦᠵᠢᠯ ᠢᠶᠠᠷ  ᠲᠤᠭᠤᠷᠢᠭ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠪᠦᠬᠦ ᠲᠠᠯ᠎ᠠ ᠪᠠᠷ ᠲᠦᠷᠭᠡᠳᠬᠡᠵᠦ᠂ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠢ ᠴᠢᠬᠤᠯᠠᠴᠢᠯᠠᠬᠤ᠂ ᠰᠤᠷᠭᠠᠨ ᠬᠥᠮᠦᠵᠢᠯ ᠢ ᠬᠠᠯᠠᠮᠵᠢᠯᠠᠬᠤ᠂ ᠰᠤᠷᠭᠠᠨ ᠬᠥᠮᠦᠵᠢᠯ ᠢ ᠳᠡᠮᠵᠢᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ︽ᠪᠥᠬᠦ ᠬᠤᠲᠠ ᠶᠢᠨ ᠬᠡᠪ ᠳᠠᠭᠤᠷᠢᠶᠠᠯ ᠢ ᠪᠠᠲᠤ ᠪᠠᠬᠢ ᠪᠣᠶ ᠪᠣᠯᠭᠠᠵᠤ᠂ ᠪᠥᠬᠦ ᠲᠤᠭᠤᠷᠢᠭ ᠤᠨ ᠨᠢᠭᠡᠳᠦᠭᠡᠷ ᠡᠩᠨᠡᠭᠡ ᠳᠤ ᠳᠠᠭᠠᠷᠢᠨ ᠣᠷᠣᠬᠤ︾ ᠬᠠᠷᠠᠯᠲᠠ ᠶᠢᠨ ᠲᠣᠭᠤᠷᠢᠨ ᠳᠤ᠂ ︽ᠰᠤᠷᠭᠠᠨ ᠬᠥᠮᠦᠵᠢᠯ ᠢᠶᠠᠷ ᠬᠥᠮᠦᠨ ᠢ ᠬᠥᠮᠦᠵᠢᠭᠦᠯᠬᠦ᠂ ᠰᠤᠷᠭᠠᠨ ᠬᠥᠮᠦᠵᠢᠯ ᠢᠶᠠᠷ ᠬᠥᠮᠦᠨ ᠢ ᠲᠠᠲᠠᠬᠤ︾᠎ ᠶᠢ ᠭᠤᠶᠢᠪᠢᠰᠢ ᠥᠬᠡᠶ ᠪᠠᠷᠢᠮᠲᠠᠯᠠᠨ᠂ ᠦᠨᠡᠨᠬᠦ ᠠᠳᠬᠤᠨ ᠪᠣᠳᠠᠲᠠᠶ ᠪᠠᠷ  ᠴᠢᠷᠮᠠᠶᠢᠨ ᠠᠵᠢᠯᠯᠠᠵᠤ᠂ ᠮᠠᠨ ᠤ  ᠲᠤᠭᠤᠷᠢᠭ ᠢᠶᠠᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠨᠡᠶᠢᠳᠡᠮ ᠠᠰᠢᠭ ᠬᠦᠷᠲᠡᠭᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠪᠣᠯᠭᠠᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠣᠨᠴᠠᠯᠢᠬᠵᠢᠭᠤᠯᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠯᠡᠭᠡᠨᠵᠢᠭᠦᠯᠬᠦ ᠣᠷᠣᠨ ᠪᠦᠰᠡ ᠶᠢᠨ ᠴᠢᠨᠠᠷᠲᠠᠶ ᠰᠤᠷᠭᠠᠨ ᠬᠥᠮᠦᠵᠢᠯ ᠤᠨ ᠬᠦᠴᠦᠷᠬᠡᠭ ᠣᠷᠣᠨ ᠪᠣᠯᠭᠠᠨ ᠪᠥᠲᠥᠭᠡᠨ ᠪᠠᠶᠢᠭᠤᠯᠤᠨ᠎ᠠ ᠭᠡᠵᠡᠢ᠃     ᠲᠣᠭᠤᠷᠢᠭ ᠤᠨ ᠰᠤᠷᠭᠠᠨ ᠬᠥᠮᠦᠵᠢᠯ ᠤᠨ  ᠲᠤᠪᠴᠢᠶ᠎ᠠ᠂ ᠲᠣᠭᠤᠷᠢᠭ ᠤᠨ ᠬᠠᠷᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠦᠬᠡᠳ ᠤᠨ ᠴᠡᠴᠡᠷᠯᠢᠭ ᠤᠨ ᠭᠤᠣᠯ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ  ᠰᠢᠰᠲ᠋ᠧᠮ ᠤᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ᠂ ᠠᠵᠢᠯ ᠠᠴᠠ ᠪᠠᠨ ᠳᠠᠷᠬᠠᠯᠠᠭᠳᠠᠭᠰᠠᠨ ᠰᠤᠷᠭᠠᠭᠤᠯᠢ ︵ᠴᠡᠴᠡᠷᠯᠢᠭ︶᠎ ᠶᠢᠨ ᠳᠠᠷᠤᠭ᠎ᠠ ᠵᠢᠴᠢ ᠪᠠᠭᠰᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2