ᠡᠨᠡ ᠬᠥᠳᠡᠯᠭᠡᠭᠡᠨ ᠢ ᠡᠳᠦᠷ ᠪᠦᠷᠢ ᠪᠠᠷᠢᠮᠳᠠᠯᠠᠵᠦ ᠪᠠᠢ᠂ ᠪᠡᠶ᠎ᠡ ᠳᠤ ᠮᠠᠰᠢ ᠰᠠᠶᠢᠨ︕
ᠨᠡᠶᠢᠲᠡᠯᠡᠭᠰᠡᠨ ᠴᠠᠭ᠄
2023/9/14
    1. ᠬᠤᠭᠤᠯᠠ ᠢᠳᠡᠭᠰᠡᠨ ᠎ ᠤ  ᠳᠠᠷᠠᠭ᠎ᠠ  ᠬᠡᠷᠡᠮ ᠎ ᠲᠠᠢ  ᠨᠠᠭᠠᠯᠳᠣᠵᠦ  ᠵᠤᠬᠰᠣᠬᠤ ᠎ ᠨᠢ᠂  ᠮᠠᠷᠢᠶ᠎ᠠ  ᠰᠢᠭᠤᠷᠠᠭᠤᠯᠵᠤ ᠰᠢᠩᠭᠡᠭᠡᠯᠲᠡ ᠶᠢ ᠰᠠᠶᠢᠵᠢᠷᠠᠭᠤᠯᠤᠨ᠎ᠠ᠃ ᠡᠬᠢᠯᠡᠬᠡᠳ 5 ᠮᠢᠨᠦ᠋ᠲ᠂ ᠤᠳᠠᠭᠠᠨ ᠳᠠᠭᠠᠨ 10᠎ ᠠᠴᠠ 15 ᠮᠢᠨᠦ᠋ᠲ  ᠵᠤᠬᠰᠣᠨ᠎ᠠ᠃ ᠵᠣᠭᠰᠣᠬᠤ ᠳᠠᠭᠠᠨ ᠲᠡᠭᠰᠢ ᠤᠯᠠ ᠲᠠᠢ ᠱᠠᠬᠠᠢ ᠡᠮᠦᠰᠬᠦ ᠶᠢ ᠠᠩᠬᠠᠷᠬᠤ ᠬᠡᠷᠡᠭᠲᠡᠢ᠃                    2. ᠬᠡᠷᠡᠮ ᠲᠠᠢ ᠨᠠᠭᠠᠯᠳᠣᠵᠦ ᠵᠤᠬᠰᠣᠬᠤ ᠨᠢ ᠨᠢᠷᠣᠭᠤ  ᠰᠡᠭᠡᠷ ᠢ  ᠠᠮᠠᠷᠠᠭᠤᠯᠳᠠᠭ᠃  ᠪᠡᠭᠡᠵᠢᠩ ᠤᠨ  ᠰᠢᠶᠧ  ᠾᠧ‌ᠡᠮᠨᠡᠯᠭᠡ ᠶᠢᠨ ᠬᠤᠷᠢᠶᠠᠨ ᠤ ᠰᠢᠮ᠎ᠡ ᠲᠡᠵᠢᠭᠡᠯ ᠤᠨ ᠰᠠᠯᠠᠭᠠᠨ ᠤ ᠡᠷᠬᠢᠯᠡᠭᠴᠢ ᠡᠮᠴᠢ ᠴᠧᠨ  ᠸᠧᠢ ᠎ ᠶᠢᠨ  ᠲᠠᠨᠢᠯᠴᠠᠭᠤᠯᠤᠭᠰᠠᠨ ᠢᠶᠠᠷ᠂ᠬᠡᠷᠡᠮ ᠲᠠᠢ ᠨᠠᠭᠠᠯᠳᠣᠵᠦ ᠵᠣᠭᠰᠣᠪᠠᠯ ᠬᠦᠵᠦᠭᠦᠦ ᠰᠡᠭᠡᠷ ᠪᠣᠯᠣᠨ ᠪᠦᠰᠡᠯᠡᠭᠦᠷ ᠨᠢᠷᠤᠭᠤ ᠶᠢ  ᠭᠦᠢᠴᠡᠳ  ᠠᠮᠠᠷᠠᠭᠤᠯᠵᠦ  ᠴᠢᠳᠠᠳᠠᠭ‌‍ᠶᠤᠮ ᠪᠠᠶᠢᠨ᠎ᠠ᠃                             3. ᠬᠡᠷᠡᠮ ᠲᠠᠢ ᠨᠠᠭᠠᠯᠳᠣᠵᠦ ᠵᠤᠬᠰᠣᠬᠤ ᠳᠠᠭᠠᠨ᠂ ᠨᠢᠷᠤᠭᠤ ᠪᠠᠨ ᠰᠠᠨᠠᠭᠠᠴᠢᠯᠠᠭ᠎ᠠ ᠠᠴᠠ ᠪᠠᠨ ᠳᠡᠭᠰᠢᠯᠡᠬᠦ  ᠭᠡᠷᠡᠭᠳᠡᠢ᠃ᠡᠮᠴᠢ ᠶᠢᠨ ᠲᠠᠨᠢᠯᠴᠠᠭᠤᠯᠤᠭᠰᠠᠨ ᠢᠶᠠᠷ᠂ ᠬᠡᠷᠡᠮ ᠲᠠᠢ ᠨᠠᠭᠠᠯᠳᠣᠵᠦ ᠵᠣᠭᠰᠣᠬᠤ ᠦᠶ᠎ᠡ ᠰᠠᠨᠠᠭᠠᠴᠢᠯᠠᠭ᠎ᠠ ᠠᠴᠠ  ᠎ ᠪᠠᠨ  ᠰᠡᠭᠡᠷ  ᠵᠶ᠋ᠡᠨ‌ᠵᠠᠰᠠᠵᠤ ᠪᠤᠯᠳᠠᠭ᠂ ᠤᠴᠢᠷ ᠨᠢ ᠬᠦᠮᠦᠰ ᠰᠡᠭᠡᠷ ᠨᠢᠷᠤᠭᠤ ᠪᠠᠨ  ᠬᠠᠵᠠᠶᠢᠯᠭᠠᠵᠦ  ᠵᠤᠬᠰᠣᠬᠤ  ᠳᠣᠷᠠᠳᠠᠢ  ᠪᠠᠶᠢᠵᠤ᠂  ᠬᠡᠷᠡᠮ  ᠲᠠᠢ‌ᠨᠠᠭᠠᠯᠳᠣᠵᠦ ᠵᠣᠭᠰᠣᠬᠤ ᠨᠢ ᠰᠡᠭᠡᠷ ᠨᠢᠷᠤᠭᠤ ᠶᠢ ᠵᠣᠬᠢᠬᠤ ᠬᠡᠮᠵᠢᠶ᠎ᠡ ᠪᠠᠷ ᠳᠡᠭᠰᠢᠯᠡᠬᠦ ᠪᠠ ᠵᠠᠰᠠᠬᠤ ᠦᠢᠯᠡᠳᠦᠯ ᠲᠠᠢ ᠪᠠᠶᠢᠳᠠᠭ  ᠶᠤᠮ‌‍ᠪᠠᠶᠢᠨ᠎ᠠ᠃                              4. ᠬᠡᠷᠡᠮ ᠲᠠᠢ ᠨᠠᠭᠠᠯᠳᠣᠵᠦ ᠵᠤᠬᠰᠣᠬᠤ ᠨᠢ ᠪᠥᠭᠲᠥᠷ ᠪᠥᠭᠴᠥᠭᠡᠷ ᠢ ᠵᠠᠰᠠᠨ᠎ᠠ᠃ ᠪᠠᠭ᠎ᠠ ᠰᠠᠭ᠎ᠠ  ᠪᠥᠭᠲᠥᠷ ᠢ  ᠬᠡᠷᠡᠮ‌‍ᠲ᠋ᠠᠢ ᠨᠠᠭᠠᠯᠳᠣᠵᠦ ᠵᠤᠬᠰᠣᠭᠠᠳ ᠵᠠᠰᠠᠵᠦ ᠪᠤᠯᠳᠠᠭ ᠮᠦᠷᠳᠡᠬᠡᠨ ᠦᠷ᠎ᠡ ᠳ᠋ᠦᠩ ᠨᠢ ᠨᠡᠯᠢᠶᠡᠳ ᠵᠦᠭᠡᠷ ᠪᠠᠶᠢᠳᠠᠭ ᠶᠤᠮ᠃                           5. ᠬᠡᠷᠡᠮ ᠲᠠᠢ ᠨᠠᠭᠠᠯᠳᠣᠵᠦ ᠵᠣᠭᠰᠣᠪᠠᠯ ᠠᠯᠬᠤᠭ᠎ᠠ ᠭᠢᠰᠬᠢᠭᠡ ᠪᠠᠨ  ᠵᠠᠰᠠᠵᠦ  ᠪᠤᠯᠳᠠᠭ᠃  ᠣᠳᠣᠬᠠᠨ ᠳᠤ  ᠣᠯᠠᠨ‌‍ᠬᠦ᠋ᠮᠦᠰ ᠤᠨ ᠠᠯᠬᠤᠵᠦ ᠬᠢᠰᠬᠢᠬᠦ ᠨᠢ ᠡᠪ ᠦᠬᠡᠢ ᠪᠠᠶᠢᠵᠦ᠂ ᠦᠷᠭᠦᠯᠵᠢ ᠬᠡᠷᠡᠮ ᠲᠠᠢ ᠨᠠᠭᠠᠯᠳᠣᠵᠦ ᠵᠤᠬᠰᠣᠪᠠᠯ ᠲᠡᠭᠦᠨ ᠢ ᠵᠠᠰᠠᠵᠦ‌‍ᠪᠤᠯᠳᠠᠭ ᠶᠤᠮ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2