ᠺᠠᠩ ᠬᠠᠶ ᠷᠦᠢ ᠪᠦᠦ ᠬᠤᠸᠠ ᠵᠢᠶᠠ ᠶᠤᠸᠠᠨ ᠲᠥᠷᠥᠯ ᠵᠦᠶᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/14
705470.jpg
    9 ᠰᠠᠷ᠎ᠠ ᠶᠢᠨ 12 ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠪᠦᠦ ᠬᠤᠸᠠ ᠵᠢᠶᠠ ᠶᠤᠸᠠᠨ  ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃    ᠺᠠᠩ ᠬᠠᠢ ᠷᠦᠢ ᠂ ᠪᠦᠦ ᠬᠤᠸᠠ ᠵᠢᠶᠠ ᠶᠤᠸᠠᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠲᠦᠷᠦᠯ ᠵᠦᠢᠯ ᠤᠨ ᠠᠬᠢᠴᠠ᠂ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠲᠤᠬᠠᠢ ᠶᠢᠨ ᠲᠠᠯᠠᠪᠠᠢ ᠳᠤ ᠰᠢᠢᠳᠪᠦᠷᠢᠯᠡᠪᠡ᠃     ᠺᠠᠩ ᠬᠠᠶ ᠷᠦᠢ ᠬᠡᠯᠡᠬᠦ ᠳᠡᠭᠡᠨ᠂ ᠶᠠᠰᠤ ᠴᠢᠨᠠᠷ ᠪᠣᠯᠤᠨ ᠠᠮᠤᠷ ᠲᠦᠪᠰᠢᠨ ᠤ ᠬᠤᠶᠠᠷ ᠬᠢᠵᠠᠭᠠᠷ ᠱᠤᠭᠤᠮ ᠢ ᠪᠠᠲᠤ ᠰᠠᠬᠢᠬᠤ ᠶᠢᠨ ᠵᠡᠷᠭᠡ ᠳᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠣᠯᠠᠨ ᠲᠦᠮᠡᠨ ᠢ ᠡᠷᠲᠡᠬᠡᠨ ᠬᠠᠨᠤᠮᠵᠢᠲᠠᠶ ᠣᠷᠣᠨ ᠰᠠᠭᠤᠴᠠ ᠳᠤ ᠰᠠᠭᠤᠯᠭᠠᠬᠤ ᠬᠡᠷᠡᠭᠲᠡᠶ ᠭᠡᠵᠡᠶ᠃ ᠨᠣᠭᠤᠭᠠᠷᠠᠭᠤᠯᠬᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠢ ᠰᠠᠨᠠᠭ᠎ᠠ ᠠᠮᠤᠷ ᠭᠡᠷ ᠲᠤ ᠰᠠᠭᠤᠯᠭᠠᠬᠤ᠂ ᠰᠡᠳᠬᠢᠯ ᠢ ᠳᠤᠯᠠᠭᠠᠴᠠᠭᠤᠯᠬᠤ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ  ᠬᠦᠴᠢᠷ ᠠᠰᠠᠭᠤᠳᠠᠯ ᠳᠤ ᠴᠢᠭᠯᠡᠭᠦᠯᠦᠨ᠂ ︽ᠠᠰᠠᠭᠤᠳᠠᠯ ᠢ ᠰᠢᠢᠳᠪᠦᠷᠢᠯᠡᠬᠦ ︾᠎ ᠶᠢ ᠴᠢᠩᠭᠠᠳᠬᠠᠵᠤ᠂ ᠪᠣᠳᠠᠲᠠᠢ ᠠᠵᠢᠯᠯᠠᠭ᠎ᠠ ᠠᠪᠴᠤ᠂ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠲᠦᠷᠦᠯ ᠵᠦᠢᠯ ᠢ ᠴᠠᠭ ᠲᠤᠬᠠᠢ ᠳᠤᠨᠢ ᠴᠢᠨᠠᠷ ᠰᠠᠶᠢᠲᠠᠢ ᠪᠠᠶᠢᠭᠤᠯᠬᠤ ᠶᠢ ᠪᠠᠲᠤᠯᠠᠬᠤ ᠬᠡᠷᠡᠭᠲᠡᠢ᠃                        ᠵᠢᠷᠤᠭ᠄ ᠴᠢᠶᠤᠤ ᠮᠢᠨ                        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2