ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 12 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/18
705470.jpg
      9 ᠰᠠᠷ᠎ᠠ ᠶᠢᠨ 15᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 12 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 14  ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 9 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂  ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠠᠤᠯᠢ ᠴᠠᠭᠠᠵᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠠᠤᠯᠢ︾᠎ ᠶᠢ ᠳᠠᠭᠠᠭᠤᠯᠤᠨ ᠰᠤᠷᠤᠯᠴᠠᠪᠠ ᠃ ᠬᠤᠷᠠᠯ ᠠᠴᠠ ᠪᠠᠰᠠ ᠵᠢᠨᠢᠩ ᠤᠨ ᠡᠮᠦᠨ᠎ᠡ ᠦᠷᠲᠡᠭᠡ ᠵᠢᠴᠢ ᠡᠷᠬᠢᠨ ᠲᠣᠭᠤᠷᠢᠨ ᠤ ᠪᠠᠷᠢᠯᠭ᠎ᠠ ᠶᠢᠨ ᠭᠠᠳᠠᠷ ᠲᠠᠯ᠎ᠠ ᠶᠢᠨ ᠥᠭᠡᠷᠡᠴᠢᠯᠡᠯᠲᠡ ᠵᠡᠷᠭᠡ ᠶᠠᠪᠤᠳᠠᠯ ᠢ ᠰᠤᠳᠤᠯᠵᠠᠢ᠃     ᠬᠤᠷᠠᠯ ᠠᠴᠠ  ᠵᠢᠭᠠᠭᠰᠠᠨ ᠨᠢ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠣᠯ ᠣᠯᠠᠨ ᠲᠦᠮᠡᠨ ᠤ ᠡᠷᠬᠡ ᠪᠠᠨ ᠬᠠᠮᠠᠭᠠᠯᠠᠬᠤ ᠠᠷᠭ᠎ᠠ ᠵᠠᠮ᠂ ᠮᠠᠷᠭᠤᠯᠳᠤᠭᠠᠨ ᠢ ᠠᠷᠢᠯᠭᠠᠬᠤ ᠠᠷᠭ᠎ᠠ ᠵᠠᠮ ᠪᠣᠯᠬᠤ ᠮᠥᠷᠲᠡᠭᠡᠨ ᠪᠠᠰᠠ ᠴᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠣᠲᠣᠭᠠᠳᠤ ᠶᠢᠨ ᠬᠢᠨᠠᠯᠲᠠ ᠲᠠᠯᠪᠢᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠠᠷᠭ᠎ᠠ ᠵᠠᠮ ᠪᠣᠯᠤᠨ᠎ᠠ᠃ ᠬᠤᠷᠠᠯ ᠤᠨ ᠲᠠᠷᠠᠭ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠠᠮᠲᠤ ᠪᠠᠷ ᠰᠤᠷᠤᠯᠴᠠᠭᠰᠠᠨ ᠰᠠᠭᠤᠷᠢᠨ ᠳᠡᠭᠡᠷ᠎ᠡ᠂ ᠦᠷᠭᠦᠯᠵᠢᠯᠡᠨ ᠭᠦᠨᠵᠡᠭᠡᠢ ᠰᠤᠷᠤᠯᠴᠠᠵᠤ᠂ ᠪᠣᠳᠠᠲᠠᠢ ᠰᠤᠷᠤᠯᠴᠠᠵᠤ᠂ ᠬᠠᠤᠯᠢ ᠴᠠᠭᠠᠵᠠ ᠶᠢᠨ ᠰᠡᠳᠬᠢᠬᠦᠢ ᠶᠢ ᠭᠦᠢᠴᠡᠳ ᠠᠰᠢᠭᠯᠠᠨ ᠪᠣᠳᠠᠲᠠᠢ ᠠᠵᠢᠯ ᠢᠶᠠᠨ ᠠᠬᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠤᠯᠢ ᠶᠢᠨ ᠪᠠᠶᠢᠭᠤᠯᠭ᠎ᠠ ᠬᠠᠤᠯᠢ ᠶᠣᠰᠣᠭᠠᠷ ᠰᠢᠶᠳᠪᠦᠷᠢᠯᠡᠬᠦ ᠶᠢ ᠢᠮᠠᠭᠲᠠ ᠪᠠᠷᠢᠮᠲᠠᠯᠠᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠳᠦᠰᠦ ᠰᠤᠷᠪᠤᠯᠵᠢ ᠠᠴᠠ ᠨᠢ ᠦᠨᠡᠨ ᠪᠣᠳᠠᠲᠠᠶ ᠪᠠᠷ ᠠᠷᠢᠯᠭᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠶᠢ ᠴᠢᠬᠤᠯᠠᠴᠢᠯᠠᠬᠤ ᠬᠡᠷᠡᠭᠲᠡᠶ ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠵᠦ ᠬᠡᠷᠡᠭ ᠰᠢᠶᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠠᠵᠢᠯ ᠤᠨ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠪᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠳᠤᠮᠳᠠᠬᠢ ᠡᠯ᠎ᠡ ᠠᠵᠢᠯ ᠲᠥᠷᠥᠯ ᠤᠨ ᠲᠤᠰᠬᠠᠶ ᠮᠡᠷᠭᠡᠵᠢᠯᠲᠡᠳ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠪᠠᠨ ᠢᠯᠡᠳᠬᠡᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ ᠬᠡᠷᠡᠭᠲᠡᠶ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠡᠩᠨᠡᠭᠡᠨ ᠤ ᠬᠡᠪ ᠴᠢᠨᠠᠷ ᠤᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠪᠠᠷ ᠵᠠᠰᠠᠬᠤ ᠦᠵᠡᠯ ᠤᠬᠠᠮᠰᠠᠷ᠂ ᠬᠠᠤᠯᠢ ᠬᠡᠷᠡᠭᠵᠢᠭᠦᠯᠬᠦ ᠴᠢᠳᠠᠪᠤᠷᠢ ᠪᠣᠯᠤᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠪᠠᠨ ᠴᠢᠩᠭᠠᠷᠠᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠨ ᠬᠤᠷᠢᠶᠠᠩᠭᠤᠶᠢᠯᠠᠵᠤ᠂ ᠲᠣᠭᠲᠠᠭᠠᠯ ᠠᠴᠠ ᠵᠥᠷᠢᠴᠡᠨ ᠬᠠᠤᠯᠢ ᠬᠡᠷᠡᠭᠵᠢᠭᠦᠯᠬᠦ ᠪᠠᠶᠢᠳᠠᠯ ᠭᠠᠷᠬᠤ ᠠᠴᠠ ᠵᠠᠶᠢᠯᠠᠰᠬᠢᠵᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2