ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/18
705470.jpg
     9 ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ᠃ ᠪᠦᠬᠦ  ᠲᠤᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠰᠲ᠋ᠧᠮ ᠲᠠᠢ ᠰᠤᠷᠤᠯᠴᠠᠬᠤ ᠶᠢ ᠲᠠᠶᠢᠴᠢᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠤᠯᠤᠰ ᠲᠦᠷᠦ ᠶᠢᠨ ᠮᠡᠳᠡᠷᠡᠮᠵᠢ ᠂ ᠦᠵᠡᠯ ᠰᠠᠨᠠᠭᠠᠨ ᠤ ᠮᠡᠳᠡᠷᠡᠮᠵᠢ᠂ ᠤᠨᠤᠯ ᠤᠨ ᠮᠡᠳᠡᠷᠡᠮᠵᠢ ᠪᠣᠯᠤᠨ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠵᠦ᠂ ︽ᠬᠤᠶᠠᠷ ᠢ ᠲᠣᠭᠲᠠᠭᠠᠬᠤ︾᠎ ᠶᠢ  ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ  ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠡᠢ᠃   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᠯᠦᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠬᠤᠷᠠᠯ ᠳᠤ ᠣᠷᠣᠯᠴᠠᠪᠠ᠃   ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠧᠦ ᠲᠤᠤ ᠷᠠᠨ ᠬᠤᠷᠠᠯ ᠢ ᠡᠷᠭᠢᠯᠡᠪᠡ᠃   ᠬᠤᠷᠠᠯ ᠠᠴᠠ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠂ ᠫᠷᠤᠹᠧᠰᠰᠤᠷ ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ᠂ ᠳᠤᠮᠳᠠᠳᠤ ᠤᠯᠤᠰ ᠤᠨ ᠬᠤᠪᠢᠰᠤᠩᠭᠤᠢ ᠪᠣᠳᠠᠰᠴᠢ ᠦᠵᠡᠯ ᠤᠨ ᠰᠤᠳᠤᠯᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠬᠤᠤ ᠶᠦᠩ ᠫᠢᠩ ︽ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ — ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠥᠲᠥᠯᠦᠮᠵᠢ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠪᠥᠬᠦ ᠲᠤᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠭᠤᠤᠯ ᠰᠡᠳᠦᠪᠲᠦ ᠬᠥᠮᠦᠵᠢᠯ ᠤᠨ ᠳᠤᠮᠳᠠ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ᠂ ᠠᠵᠢᠯᠯᠠᠬᠤ ᠶᠢᠨ ᠤᠳᠤᠷᠢᠳᠤᠮᠵᠢ  ᠪᠣᠯᠭᠠᠵᠤ᠂ ᠠᠵᠢᠯᠯᠠᠬᠤ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠂ ᠠᠵᠢᠯᠯᠠᠬᠤ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠶ ᠦᠷ᠎ᠡ ᠪᠦᠲᠦᠮᠵᠢ ᠤᠯᠬᠤ ᠬᠡᠷᠡᠭᠲᠡᠶ᠃ ᠲᠠᠶᠢᠯᠤᠮᠵᠢ ᠨᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠬᠦ ᠲᠡᠦᠬᠡᠨ ᠨᠥᠬᠦᠴᠡᠯ᠂ ᠤᠨᠤᠯ ᠤᠨ ᠲᠤᠯᠭᠠᠭᠤᠷᠢᠯᠠᠯ᠂ ᠦᠢᠯᠡᠳᠦᠯᠭᠡ ᠶᠢᠨ ᠦᠷ᠎ᠡ ᠪᠦᠲᠦᠮᠵᠢ ᠵᠡᠷᠭᠡ ᠭᠤᠷᠪᠠᠨ ᠲᠠᠯ᠎ᠠ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠴᠢᠬᠤᠯᠠ ᠠᠭᠤᠯᠤᠭᠳᠠᠬᠤᠨ ᠪᠠ ᠦᠢᠯᠡᠳᠦᠯᠭᠡ ᠶᠢᠨ ᠦᠷ᠎ᠡ ᠪᠦᠲᠦᠮᠵᠢ ᠶᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠤᠷᠤᠯᠴᠠᠯᠭ᠎ᠠ ᠬᠥᠮᠦᠵᠢᠯ ᠎ ᠤᠨ ᠭᠤᠣᠯ ᠰᠡᠳᠦᠪᠲᠦ ᠬᠥᠮᠦᠵᠢᠯ ᠎ ᠢ ᠢᠮᠠᠭᠲᠠ ᠲᠤᠭᠤᠰᠢᠯᠠᠭᠤᠯᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠦᠷᠭᠦᠯᠵᠢᠯᠡᠨ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠨ ᠰᠤᠷᠤᠯᠴᠠᠵᠤ᠂ ᠡᠷᠴᠢ ᠵᠣᠷᠢᠭ ᠢᠶᠠᠨ ᠰᠢᠪᠬᠠᠨ ᠰᠤᠷᠤᠯᠴᠠᠵᠤ᠂ ᠲᠥᠪ ᠠᠴᠠ ᠵᠢᠭᠠᠨ ᠲᠣᠭᠲᠠᠭᠠᠭᠰᠠᠨ ᠨᠣᠮ ᠤᠨ ᠭᠠᠷᠴᠠᠭ ᠢ ᠨᠢᠭᠡᠳ ᠨᠢᠭᠡ ᠪᠠᠷ ᠤᠩᠰᠢᠵᠤ᠂ ᠬᠡᠰᠡᠭ ᠪᠠᠳᠠᠭ ᠳᠠᠷᠠᠭᠠᠯᠠᠨ ᠣᠶᠢᠯᠠᠭᠠᠵᠤ᠂ ᠦᠨᠡᠨᠬᠦ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠬᠦ᠂ ᠭᠦᠨᠵᠡᠭᠡᠢ ᠰᠤᠷᠴᠤ ᠨᠡᠪᠲᠡᠷᠡᠲᠡᠯ᠎ᠡ ᠣᠶᠢᠯᠠᠭᠠᠬᠤ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ ᠰᠤᠷᠤᠯᠴᠠᠬᠤ᠂ ᠪᠠᠶᠢᠴᠠᠭᠠᠬᠤ᠂ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠣᠨᠣᠯ ᠤᠨ ᠰᠤᠷᠤᠯᠴᠠᠯᠭ᠎ᠠ ᠶᠢ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠬᠥᠭᠵᠢᠯᠲᠡ ᠶᠢ ᠠᠬᠢᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠰᠤᠷᠤᠯᠴᠠᠬᠤ ᠶᠢᠨ ᠳᠠᠭᠠᠤ ᠪᠠᠶᠢᠴᠠᠭᠠᠨ ᠦᠵᠡᠵᠦ᠂ ᠠᠰᠠᠭᠤᠳᠠᠯ ᠢ ᠤᠯᠠᠮ ᠴᠢᠨᠠᠭᠰᠢᠳᠠ ᠣᠨᠣᠪᠴᠢᠲᠠᠢ ᠪᠣᠳᠠᠲᠠᠢ ᠡᠷᠢᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂  ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠦᠵᠡᠯ ᠰᠠᠨᠠᠭᠠᠨ ᠤ ᠠᠬᠤᠢ ᠪᠠᠶᠢᠳᠠᠯ ᠢᠶᠠᠨ ᠳᠡᠭᠡᠭᠰᠢᠯᠡᠭᠦᠯᠬᠦ᠂ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃     ᠲᠤᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠳᠤᠷᠢᠳᠴᠤ᠂  ᠲᠤᠭᠤᠷᠢᠭ ᠤᠨ ︽ᠰᠢᠭᠦᠬᠦ  ᠬᠤᠷᠢᠶ᠎ᠠ ᠪᠠᠶᠢᠴᠠᠭᠠᠬᠤ ᠬᠤᠷᠢᠶ᠎ᠠ︾᠎ ᠶᠢᠨ ᠬᠤᠶᠠᠷ ᠳᠠᠷᠤᠭ᠎ᠠ ᠵᠢᠴᠢ ᠪᠦᠬᠦ  ᠲᠤᠭᠤᠷᠢᠭ ᠤᠨ ᠳᠡᠳ᠋ ᠰᠠᠯᠠᠭᠠᠨ ᠤ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠤᠨ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠨᠡᠶᠢᠳᠡ 600 ᠭᠠᠷᠤᠢ ᠬᠥᠮᠦᠨ ᠬᠤᠷᠠᠯ ᠳᠤ ᠣᠷᠣᠯᠴᠠᠪᠠ᠃                   ᠵᠢᠷᠤᠭ᠄ ᠴᠢᠶᠤᠤ ᠮᠢᠨ                   ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2