ᠵᠠᠩ ᠶᠦᠩ ᠸᠧᠨ ᠮᠠᠨ ᠤ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/19
705470.jpg
     9 ᠳ᠋ᠦ᠋ᠭᠡᠷ ᠰᠠᠷ᠎ᠠ ᠶᠢᠨ 18᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠤᠷᠢᠳ ᠬᠤᠵᠢᠳ ᠾᠧᠩ ᠢ ᠳ᠋ᠡ ᠱᠠᠩ ᠵᠢᠶ ᠥᠷᠲᠡᠭᠡ᠂ ᠸᠠᠨ ᠹᠠᠩ ᠲᠦᠩ ᠲᠠᠢ ᠮᠣᠳᠣᠨ ᠮᠠᠲ᠋ᠧᠷᠢᠶᠠᠯ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ᠂ ᠮᠠᠨ ᠤ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃      ᠵᠠᠩ ᠶᠦᠩ ᠸᠧᠨ ᠬᠦᠷᠦᠭᠰᠡᠨ ᠭᠠᠵᠠᠷ ᠪᠣᠯᠭᠠᠨ ᠳᠤ᠂  ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠢ ᠰᠣᠨᠣᠰᠴᠤ᠂ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠵᠢᠴᠢ ᠣᠷᠣᠰᠢᠵᠤ ᠪᠠᠶᠢᠭ᠎ᠠ ᠲᠦᠭᠵᠢᠷᠡᠯ᠂ ᠬᠦᠴᠢᠷ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠵᠢᠯᠣᠭᠤᠳᠬᠤ ᠰᠠᠨᠠᠯ ᠢᠶᠠᠨ ᠳᠤᠷᠠᠳᠴᠠᠢ᠃ ᠲᠤᠰᠬᠠᠶ ᠰᠡᠳᠦᠪᠲᠦ ᠬᠤᠷᠠᠯ ᠳᠡᠭᠡᠷ᠎ᠡ᠂ ᠬᠠᠮᠢᠶ᠎ᠠ ᠪᠦᠬᠦᠢ ᠤᠳᠤᠷᠢᠳᠤᠯᠭ᠎ᠠ ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠣᠰ ᠲᠣᠰ ᠬᠠᠷᠢᠭᠤ ᠮᠡᠳᠡᠭᠦᠯᠪᠡ ᠃  ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠭᠰᠢᠳᠠ ᠠᠬᠢᠭᠤᠯᠬᠤ ᠲᠤᠬᠠᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠠᠢ᠃     ᠵᠠᠩ ᠶᠦᠩ ᠸᠧᠨ ᠵᠢᠭᠠᠭᠰᠠᠨ ᠨᠢ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠡᠷᠡᠭᠲᠡᠢ᠃ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠵᠢᠯ ᠤᠨ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠬᠢᠨᠠᠨ ᠵᠢᠯᠣᠭᠤᠳᠴᠤ ᠪᠠᠶᠢᠴᠠᠭᠠᠬᠤ ᠪᠠ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠴᠠᠭ ᠢ ᠠᠮᠵᠢᠨ᠂ ᠠᠵᠢᠯ ᠤᠨ ᠬᠤᠭᠤᠴᠠᠭ᠎ᠠ ᠶᠢ ᠵᠢᠭᠰᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ  ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠡᠷᠡᠰ ᠰᠢᠭᠤᠷᠬᠠᠶ ᠣᠪᠣᠷ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃     ᠵᠠᠩ ᡁᠢ ᠷᠦᠩ᠂ ᠯᠢ ᠺᠦᠨ᠂ ᠡᡁᠧ ᠷᠦᠨ ᠭᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪᠤᠶᠤ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2