ᠦᠰᠦᠭ ᠪᠢᠴᠢᠭ ᠢᠶᠠᠷ ᠦᠭᠦᠯᠡᠬᠦᠢ᠄ ︽ᠰᠢᠨ᠎ᠡ ᠪᠠᠷ ᠪᠠᠶᠢᠭᠤᠯᠤᠭᠰᠠᠨ ᠡᠭᠦᠯᠡᠨ ᠪᠣᠳᠣᠯᠲᠠ ᠶᠢᠨ ᠬᠦᠴᠦᠨ ᠤ ᠲᠥᠪ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠲᠤᠬᠠᠢ ᠵᠢᠯᠤᠭᠤᠳᠬᠤ ᠰᠠᠨᠠᠯ︾᠎ ᠤᠨ ᠲᠥᠷᠥ ᠵᠢᠨ‌‍ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/20
 ᠨᠢᠭᠡ᠂ ᠨᠠᠶᠢᠷᠠᠭᠤᠯᠤᠨ ᠵᠤᠬᠢᠶᠠᠭᠰᠠᠨ ᠠᠬᠤᠢ ᠪᠠᠶᠢᠳᠠᠯ      2021 ᠣᠨ ᠤ 12 ᠰᠠᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠵᠡᠷᠭᠡ 4 ᠰᠠᠯᠠᠭ᠎ᠠ ᠮᠥᠴᠢᠷ ᠬᠠᠮᠲᠤᠷᠠᠨ ᠴᠣᠬᠤᠯᠠᠪᠤᠷᠢᠯᠠᠵᠤ᠂ ᠥᠪᠥᠷ ᠮᠣᠩᠭᠤᠯ ᠳᠤ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠡᠬᠦᠯᠡᠨ ᠪᠤᠳᠤᠯᠳᠠ ᠶᠢᠨ ᠬᠦᠴᠦᠨ ᠤ ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠢ ᠡᠬᠢᠯᠡᠨ ᠪᠠᠶᠢᠭᠤᠯᠬᠤ ᠶᠢ ᠵᠥᠪᠰᠢᠶᠡᠷᠡᠪᠡ᠃ ᠡᠭᠦᠨ ᠳᠤ᠂ ᠤᠯᠠᠭᠠᠨᠴᠠᠪ ᠢ ᠤᠯᠤᠰ ᠤᠨ ᠳ᠋ᠠᠶᠢᠲ᠋ᠠ ᠶᠢᠨ ᠲᠥᠪ ᠤᠨ ᠪᠦᠯᠦᠭᠯᠡᠯ ᠤᠨ ᠨᠢᠭᠡ ᠪᠣᠯᠭᠠᠬᠤ ᠪᠠᠷ ᠲᠥᠯᠥᠪᠵᠢᠭᠦᠯᠪᠡ᠂ ᠡᠨᠡ ᠨᠢ ᠤᠯᠠᠭᠠᠨᠴᠠᠪ ᠨᠢᠭᠡᠨᠲᠡ ᠤᠯᠤᠰ ᠤᠨ ᠳ᠋ᠠᠶᠢᠲ᠋ᠠ ᠶᠢᠨ ᠲᠥᠪ ᠤᠨ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠳᠤ ᠣᠷᠣᠵᠤ᠂ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠭᠰᠠᠨ ᠢ ᠬᠠᠷᠠᠭᠤᠯᠵᠤ ᠪᠠᠶᠢᠨ᠎ᠠ᠃ ᠪᠦᠬᠦ ᠤᠯᠤᠰ ᠤᠨ ᠨᠢᠭᠡ ᠴᠣᠭᠴᠠᠵᠢᠭᠰᠠᠨ ᠪᠤᠳᠤᠯᠳᠠ ᠶᠢᠨ ᠬᠦᠴᠦᠨ ᠤ ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠪᠣᠯᠣᠨ ᠤᠯᠤᠰ ᠤᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠠᠶᠢᠯᠳᠤᠬᠤ ᠪᠣᠳᠣᠯᠭ᠎ᠠ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠠᠭᠠᠨᠴᠠᠪ ᠦᠷ᠎ᠡ ᠠᠰᠢᠭ ᠢᠶᠠᠷ ᠥᠨᠳᠥᠷ᠂ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠲᠡᠷᠢᠭᠦᠨ ᠤ ᠮᠡᠷᠭᠡᠵᠢᠯ ᠲᠠᠢ᠂ ᠳᠠᠶᠢᠴᠢᠯᠠᠬᠤ ᠦᠷ᠎ᠡ ᠠᠰᠢᠭ ᠢᠶᠠᠷ ᠴᠢᠩᠭ᠎ᠠ ᠵᠢᠴᠢ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠂ ᠣᠷᠣᠨ ᠬᠡᠰᠡᠭ ᠤᠨ ᠬᠡᠯᠬᠢᠶ᠎ᠡ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠲᠡᠷᠢᠬᠦᠨ ᠤ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ ᠪᠣᠳᠣᠯᠭ᠎ᠠ ᠶᠢᠨ ᠬᠡᠯᠪᠡᠷᠢ ᠶᠢᠨ ᠪᠠ ᠵᠣᠬᠢᠶᠠᠮᠠᠯ ᠤᠶᠤᠨᠴᠢ ᠴᠢᠳᠠᠪᠤᠷᠢ ᠶᠢᠨ ᠪᠣᠳᠣᠯᠭ᠎ᠠ ᠶᠢᠨ ᠬᠡᠯᠪᠡᠷᠢ ᠶᠢᠨ ᠳ᠋ᠠᠶᠢᠲ᠋ᠠ ᠶᠢᠨ ᠲᠥᠪ ᠢ ᠭᠤᠣᠯᠳᠠᠯᠭ᠎ᠠ ᠲᠠᠢ ᠬᠥᠭᠵᠢᠭᠦᠯᠵᠦ᠂ ᠪᠦᠬᠦ ᠬᠤᠳᠠ ᠶᠢᠨ ᠳ᠋ᠠᠶᠢᠲ᠋ᠠ ᠶᠢᠨ ᠲᠥᠪ ᠤᠨ ᠪᠦᠬᠦᠯᠢ ᠴᠣᠭᠴᠠ ᠶᠢᠨ ᠪᠣᠳᠣᠯᠭ᠎ᠠ ᠶᠢᠨ ᠴᠢᠳᠠᠪᠤᠷᠢ ᠶᠢᠨ ᠲᠡᠰ ᠪᠠ ᠪᠣᠬᠢᠷᠲᠤᠯ ᠦᠭᠡᠢ ᠲᠦᠪᠰᠢᠨ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠭᠠᠵᠠᠷ ᠰᠣᠩᠭᠤᠬᠤ᠂ ᠲᠡᠷᠢᠭᠦᠨ ᠤ ᠮᠡᠷᠭᠡᠵᠢᠯ ᠲᠠᠢ᠂ ᠡᠬᠢ ᠪᠠᠶᠠᠯᠢᠭ ᠢ ᠠᠷᠪᠢᠯᠠᠬᠤ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ᠂ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠵᠠᠷᠴᠢᠮ ᠶᠣᠰᠣᠭᠠᠷ᠂ ᠣᠨᠴᠠᠭᠠᠶᠢᠯᠠᠨ ᠲᠣᠰ ᠵᠢᠯᠤᠭᠤᠳᠬᠤ ᠰᠠᠨᠠᠯ ᠢ ᠲᠣᠭᠲᠠᠭᠠᠪᠠ᠃ ᠬᠤᠶᠠᠷ᠂ ᠨᠠᠶᠢᠷᠠᠭᠤᠯᠤᠨ ᠵᠣᠬᠢᠶᠠᠭᠰᠠᠨ ᠶᠠᠪᠤᠴᠠ ᠬᠢᠭᠡᠳ ᠰᠡᠳᠬᠢᠴᠡ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠳᠤ ᠡᠨᠧᠷᠭᠢ ᠣᠯᠭᠤᠬᠤ ᠪᠠᠷ ᠬᠠᠷᠠᠯᠲᠠ ᠪᠣᠯᠭᠠᠵᠤ᠂ ᠰᠢᠨ᠎ᠡ ᠪᠠᠷ ᠪᠠᠶᠢᠭᠤᠯᠤᠭᠰᠠᠨ ᠡᠭᠦᠯᠡᠨ ᠪᠣᠳᠣᠯᠲᠠ ᠶᠢᠨ ᠬᠦᠴᠦᠨ ᠤ ᠲᠥᠪ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠰᠦᠯᠵᠢᠶᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠪᠣᠳᠣᠯᠲᠠ ᠶᠢᠨ ᠴᠢᠳᠠᠪᠤᠷᠢ ᠶᠢ ᠲᠦᠷᠭᠡᠳᠬᠡᠬᠦ᠂ ᠠᠵᠤ ᠠᠬᠤᠢ ᠶᠢᠨ ᠦᠷ᠎ᠡ ᠠᠰᠢᠭ ᠢ ᠲᠤᠪᠤᠶᠢᠯᠭᠠᠬᠤ᠂ ᠠᠵᠤ ᠦᠢᠯᠡᠰ ᠤᠨ ᠬᠡᠯᠬᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠠᠬᠢᠭᠤᠯᠬᠤ᠂ ᠠᠮᠤᠷ ᠲᠦᠪᠰᠢᠨ ᠤ ᠪᠠᠲᠤᠯᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠳ᠋ᠠᠶᠢᠲ᠋ᠠ ᠶᠢᠨ ᠲᠥᠪ ᠤᠨ ᠰᠢᠨ᠎ᠡ ᠪᠠᠷ ᠨᠡᠮᠡᠭᠳᠡᠬᠦ ᠢᠷᠡᠭᠡᠳᠦᠢ ᠶᠢᠨ ᠪᠠᠶᠢᠷᠢᠰᠢᠭᠤᠯᠤᠯᠲᠠ ᠪᠣᠯᠣᠨ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠤᠯᠤᠰ ᠤᠨ ᠳᠣᠲᠣᠭᠠᠳᠤ ᠶᠢᠨ ᠥᠷᠢᠰᠦᠯᠳᠦᠬᠦ ᠬᠦᠴᠦᠨ ᠪᠦᠬᠦᠢ ᠡᠭᠦᠯᠡᠨ ᠪᠣᠳᠣᠯᠲᠠ ᠶᠢᠨ ᠬᠦᠴᠦᠨ ᠤ ᠲᠥᠪ ᠤᠨ ᠪᠦᠯᠦᠭᠵᠢᠯ ᠢ ᠴᠣᠭᠴᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠬᠠᠩᠭᠠᠨ᠎ᠠ᠃ ︽ᠰᠢᠨ᠎ᠡ ᠪᠠᠷ ᠪᠠᠶᠢᠭᠤᠯᠤᠭᠰᠠᠨ ᠡᠭᠦᠯᠡᠨ ᠪᠣᠳᠣᠯᠲᠠ ᠶᠢᠨ ᠬᠦᠴᠦᠨ ᠤ ᠲᠥᠪ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠵᠢᠯᠤᠭᠤᠳᠬᠤ ᠰᠠᠨᠠᠯ︾᠎ ᠢ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠎ ᠠᠴᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠨ ᠲᠦᠷᠦᠭᠦᠯᠡᠨ ᠲᠤᠭᠤᠷᠪᠢᠨ᠎ᠠ᠃ ᠡᠭᠦᠨ ᠤ ᠬᠠᠮᠲᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ ᠠᠩᠬᠠᠨ ᠤ ᠨᠤᠤᠷᠠᠭ ᠪᠣᠯᠭᠠᠵᠤ᠂ ᠠᠩᠬᠠᠨ ᠤ ᠨᠣᠣᠷᠠᠭ ᠢ ᠨᠠᠶᠢᠷᠠᠭᠤᠯᠤᠨ ᠵᠣᠬᠢᠶᠠᠭᠰᠠᠨ ᠤ ᠳᠠᠷᠠᠭ᠎ᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠡᠷᠭᠡ 11 ᠨᠢᠭᠡᠴᠢ ᠶᠢᠨ ᠰᠠᠨᠠᠯ ᠵᠢᠴᠢ ᠤᠯᠠᠭᠠᠨᠴᠠᠪ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠤ ᠰᠠᠨᠠᠯ ᠢ ᠳᠠᠬᠢᠨᠲᠠ ᠬᠤᠷᠢᠶᠠᠵᠤ᠂ ᠬᠠᠮᠢᠶ᠎ᠠ ᠪᠦᠬᠦᠢ ᠰᠠᠨᠠᠯ ᠲᠠᠢ ᠤᠶᠠᠯᠳᠤᠭᠤᠯᠤᠨ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠭᠤᠷᠪᠠ᠂ ᠠᠵᠢᠯ ᠤᠨ ᠬᠠᠷᠠᠯᠲᠠ       ᠵᠢᠯᠤᠭᠤᠳᠬᠤ ᠰᠠᠨᠠᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠤᠯᠠᠭᠠᠨᠴᠠᠪ ᠤᠨ ᠡᠭᠦᠯᠡᠨ ᠪᠣᠳᠣᠯᠲᠠ ᠶᠢᠨ ᠬᠦᠴᠦᠨ ᠤ ᠲᠥᠪ ᠤᠨ ᠲᠥᠷᠥᠯ ᠵᠦᠢᠯ ᠤᠨ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠲᠡᠷᠢᠭᠦᠨ ᠤ ᠮᠡᠷᠭᠡᠵᠢᠯ ᠲᠠᠢ ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠦᠷ᠎ᠡ ᠠᠰᠢᠭ ᠨᠢ ᠲᠣᠪᠤᠶᠢᠮ᠎ᠠ᠂ ᠪᠤᠳᠤᠬᠤ ᠬᠦᠴᠦᠨ ᠤ ᠬᠡᠪᠴᠢᠶ᠎ᠡ ᠨᠢ ᠲᠣᠭᠠᠴᠢᠯᠠᠭᠰᠠᠨ ᠠᠵᠤ ᠠᠬᠤᠢ ᠶᠢᠨ ᠨᠡᠮᠡᠭᠳᠡᠯ ᠯᠦᠭᠡ ᠵᠣᠬᠢᠴᠠᠯᠳᠤᠭᠰᠠᠨ ᠳ᠋ᠠᠶᠢᠲ᠋ᠠ ᠶᠢᠨ ᠲᠥᠪ ᠤᠨ ᠬᠥᠭᠵᠢᠯᠲᠡ ᠶᠢᠨ ᠪᠠᠶᠢᠷᠢᠰᠢᠯ ᠢ ᠬᠦᠴᠦᠲᠡᠢ ᠠᠬᠢᠭᠤᠯᠤᠨ᠎ᠠ᠃ ᠰᠢᠨ᠎ᠡ ᠪᠠᠷ ᠨᠠᠶᠢᠳᠠᠪᠤᠷᠢᠵᠢᠭᠤᠯᠤᠭᠳᠠᠭᠰᠠᠨ ᠡᠭᠦᠯᠡᠨ ᠪᠣᠳᠣᠯᠲᠠ ᠶᠢᠨ ᠬᠦᠴᠦᠨ ᠤ ᠲᠥᠪ ᠤᠨ ᠲᠦᠷᠦᠯ ᠵᠦᠢᠯ ᠤᠨ ᠪᠣᠭᠤᠮᠲᠠ ᠶᠢ ᠴᠢᠩᠭ᠎ᠠ ᠠᠳᠬᠤᠵᠤ᠂ ᠡᠨᠧᠷᠭᠢ ᠶᠢᠨ ᠠᠰᠢᠭᠯᠠᠮᠵᠢ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠶᠢᠨ ᠠᠰᠢᠭᠯᠠᠯᠲᠠ ᠶᠢᠨ ᠨᠤᠷᠮ᠎ᠠ᠂ ᠦᠢᠯᠡᠴᠢᠯᠡᠭᠦᠷ ᠢ ᠬᠡᠷᠡᠭᠯᠡᠭᠡᠨ ᠳᠤ ᠤᠷᠤᠭᠤᠯᠬᠤ ᠨᠤᠷᠮ᠎ᠠ᠂ ᠠᠵᠤ ᠠᠬᠤᠢ ᠶᠢᠨ ᠬᠤᠪᠢ ᠨᠡᠮᠡᠷᠢ ᠵᠡᠷᠭᠡ ᠭᠦᠢᠴᠡᠳᠬᠡᠬᠦ ᠲᠤᠭ᠎ᠠ ᠶᠢ ᠪᠠᠶᠢᠭ᠎ᠠ ᠣᠷᠣᠨ ᠪᠦᠰᠡ ᠶᠢᠨ ᠵᠥᠪᠰᠢᠶᠡᠷᠡᠯ ᠤᠨ ᠪᠠᠷᠢᠮᠵᠢᠶ᠎ᠠ ᠳᠤ ᠨᠡᠶᠢᠴᠡᠭᠦᠯᠵᠦ᠂ ᠨᠢᠭᠡ ᠪᠦᠯᠦᠭ ︽ᠵᠡᠭᠦᠨᠰᠢ ᠲᠣᠭᠠᠯᠠᠵᠤ ᠪᠠᠷᠠᠭᠤᠨᠰᠢ ᠪᠤᠳᠤᠬᠤ︾ ᠨᠡᠶᠢᠲᠡᠯᠢᠭ ᠵᠢᠱᠢᠶ᠎ᠡ ᠦᠵᠡᠭᠦᠯᠬᠦ ᠦᠵᠡᠭᠳᠡᠯ ᠪᠣᠯᠣᠨ ᠬᠡᠷᠡᠭᠯᠡᠭᠡᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃    ᠳᠥᠷᠪᠡ᠂ ᠭᠤᠣᠯ ᠠᠭᠤᠯᠭ᠎ᠠ       ︽ᠰᠢᠨ᠎ᠡ ᠪᠠᠷ ᠪᠠᠶᠢᠭᠤᠯᠤᠭᠰᠠᠨ ᠡᠭᠦᠯᠡᠨ ᠪᠣᠳᠣᠯᠲᠠ ᠶᠢᠨ ᠬᠦᠴᠦᠨ ᠤ ᠲᠥᠪ ᠤᠨ ᠲᠥᠷᠥᠯ ᠵᠦᠢᠯ ᠢ ᠪᠣᠳᠠᠲᠠᠶᠢᠵᠢᠭᠤᠯᠬᠤ ᠶᠢ ᠵᠢᠯᠤᠭᠤᠳᠬᠤ ᠰᠠᠨᠠᠯ︾᠎ ᠳᠤ ᠨᠡᠶᠢᠲᠡ ᠳᠥᠷᠪᠡᠨ ᠬᠡᠰᠡᠭ ᠪᠣᠶ᠃ ᠨᠢᠭᠡᠳᠦᠭᠡᠷ ᠬᠡᠰᠡᠭ ᠨᠢ ᠵᠢᠯᠤᠭᠤᠳᠬᠤ ᠦᠵᠡᠯ ᠰᠠᠨᠠᠭ᠎ᠠ᠃ ᠬᠤᠶᠠᠳᠤᠭᠠᠷ ᠬᠡᠰᠡᠭ ᠨᠢ ᠦᠨᠳᠦᠰᠦᠨ ᠵᠠᠷᠴᠢᠮ᠃ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠭᠦᠯᠬᠦ ᠶᠢ ᠬᠠᠷᠢᠯᠴᠠᠨ ᠵᠣᠬᠢᠴᠠᠭᠤᠯᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠵᠡᠷᠭᠡᠪᠡᠷ ᠬᠥᠭᠵᠢᠭᠦᠯᠬᠦ ᠶᠢ ᠪᠠᠷᠢᠮᠲᠠᠯᠠᠨ᠎ᠠ᠃ ᠭᠤᠷᠪᠠᠳᠤᠭᠠᠷ ᠬᠡᠰᠡᠭ ᠨᠢ ᠭᠤᠣᠯ ᠬᠠᠷᠠᠯᠲᠠ᠃ ᠰᠢᠨ᠎ᠡ ᠪᠠᠷ ᠨᠠᠶᠢᠳᠠᠪᠤᠷᠢᠵᠢᠭᠤᠯᠤᠭᠳᠠᠭᠰᠠᠨ ᠡᠭᠦᠯᠡᠨ ᠪᠣᠳᠣᠯᠲᠠ ᠶᠢᠨ ᠬᠦᠴᠦᠨ ᠤ ᠲᠥᠪ ᠤᠨ ᠲᠦᠷᠦᠯ ᠵᠦᠢᠯ ᠢ ᠴᠢᠩᠭ᠎ᠠ ᠠᠳᠬᠤᠵᠤ᠂ ᠡᠨᠧᠷᠭᠢ ᠶᠢᠨ ᠠᠰᠢᠭᠯᠠᠮᠵᠢ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠳᠠᠬᠢᠠ ᠡᠭᠦᠰᠴᠦ ᠪᠣᠯᠬᠤ ᠡᠨᠧᠷᠭᠢ ᠶᠢᠨ ᠠᠰᠢᠭᠯᠠᠯᠲᠠ ᠶᠢᠨ ᠨᠤᠷᠮ᠎ᠠ᠂ ᠦᠢᠯᠡᠴᠢᠯᠡᠭᠦᠷ ᠢ ᠬᠡᠷᠡᠭᠯᠡᠯᠳᠡ ᠳᠤ ᠤᠷᠤᠭᠤᠯᠬᠤ ᠨᠤᠷᠮ᠎ᠠ᠂ ᠠᠵᠤ ᠠᠬᠤᠢ ᠶᠢᠨ ᠬᠤᠪᠢ ᠨᠡᠮᠡᠷᠢ ᠵᠡᠷᠭᠡ ᠭᠦᠢᠴᠡᠳᠬᠡᠯ ᠲᠤᠭ᠎ᠠ ᠨᠢ ᠪᠠᠶᠢᠭ᠎ᠠ ᠣᠷᠣᠨ ᠪᠦᠰᠡ ᠶᠢᠨ ᠣᠷᠣᠬᠤ ᠵᠥᠪᠰᠢᠶᠡᠷᠡᠯ ᠤᠨ ᠪᠠᠷᠢᠮᠵᠢᠶ᠎ᠠ ᠳᠤ ᠨᠡᠶᠢᠴᠡᠬᠦ ᠶᠢ ᠱᠠᠭᠠᠷᠳᠠᠪᠠ᠃ ᠳᠥᠷᠪᠡᠳᠦᠭᠡᠷ ᠬᠡᠰᠡᠭ ᠨᠢ ᠭᠤᠣᠯ ᠠᠭᠤᠯᠭ᠎ᠠ᠃ ᠬᠡᠷᠡᠭᠯᠡᠬᠦ ᠬᠡᠪᠴᠢᠶ᠎ᠡ᠂ ᠳᠠᠩᠰᠠᠯᠠᠭᠤᠯᠤᠭᠰᠠᠨ ᠺᠣᠮᠫᠠᠨᠢ ᠪᠠ ᠭᠦᠢᠴᠡᠳᠬᠡᠯ ᠲᠤᠭ᠎ᠠ ᠶᠢ ᠬᠥᠮᠥᠷᠭᠡ ᠳᠤ ᠣᠷᠣᠭᠤᠯᠬᠤ᠂ ᠣᠷᠴᠢᠨ ᠠᠬᠤᠢ ᠶᠢᠨ ᠬᠠᠮᠠᠭᠠᠯᠠᠯᠲᠠ᠂ ᠠᠮᠤᠷ ᠲᠦᠪᠰᠢᠨ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠡᠨᠧᠷᠭᠢ ᠠᠷᠪᠢᠯᠠᠬᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠡᠷᠬᠢᠯᠳᠡ᠂ ᠶᠡᠷᠦᠩᠬᠡᠶᠢᠯᠡᠭᠰᠡᠨ ᠦᠷ᠎ᠡ ᠠᠰᠢᠭ ᠵᠡᠷᠭᠡ ᠲᠤᠯᠤᠭᠠᠨ ᠲᠠᠯ᠎ᠠ ᠶᠢᠨ ᠠᠭᠤᠯᠭ᠎ᠠ ᠠᠴᠠ ᠡᠭᠦᠯᠡᠨ ᠪᠣᠳᠣᠯᠲᠠ ᠶᠢᠨ ᠬᠦᠴᠦᠨ ᠤ ᠲᠥᠪ ᠲᠤ ᠱᠠᠭᠠᠷᠳᠠᠯᠭ᠎ᠠ ᠪᠠ ᠰᠠᠨᠠᠭᠤᠯᠭ᠎ᠠ ᠳᠤᠷᠠᠳᠤᠨ᠎ᠠ᠃ ᠲᠠᠪᠤ᠂ ᠨᠠᠶᠢᠷᠠᠭᠤᠯᠤᠨ ᠵᠣᠬᠢᠶᠠᠬᠤ ᠠᠴᠢ ᠬᠤᠯᠪᠣᠭᠳᠠᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠢ ᠡᠬᠢᠯᠡᠨ ᠪᠦᠲᠦᠭᠡᠨ ᠪᠠᠶᠢᠭᠤᠯᠬᠤ ᠎ ᠶᠢ ᠵᠥᠪᠰᠢᠶᠡᠷᠡᠬᠦ ᠲᠤᠬᠠᠢ ᠬᠠᠷᠢᠭᠤ ᠵᠠᠬᠢᠳᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠬᠡᠯᠪᠡᠷᠢ ᠶᠢᠨ ᠡᠭᠦᠯᠡᠨ ᠪᠣᠳᠣᠯᠲᠠ ᠶᠢᠨ ᠬᠦᠴᠦᠨ ᠤ ᠲᠥᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠰᠦᠯᠵᠢᠶᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠪᠣᠳᠣᠯᠲᠠ ᠶᠢᠨ ᠴᠢᠳᠠᠪᠤᠷᠢ ᠶᠢ ᠲᠦᠷᠭᠡᠳᠬᠡᠬᠦ᠂ ᠠᠵᠤ ᠦᠢᠯᠡᠰ ᠤᠨ ᠬᠡᠯᠬᠢᠶ᠎ᠡ ᠶᠢ ᠲᠣᠭᠲᠠᠪᠤᠷᠢᠵᠢᠭᠤᠯᠤᠨ ᠴᠢᠩᠭᠠᠷᠠᠭᠤᠯᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠠᠮᠤᠷ ᠲᠦᠪᠰᠢᠨ ᠤ ᠪᠠᠲᠤᠯᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠣᠶᠤᠨᠲᠤ ᠪᠣᠳᠣᠯᠲᠠ ᠶᠢᠨ ᠬᠦᠴᠦᠨ ᠤ ᠠᠮᠢ ᠠᠬᠤᠢ ᠶᠢᠨ ᠰᠢᠰᠲ᠋ᠧᠮ ᠢ ᠪᠠᠶᠢᠭᠤᠯᠤᠨ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2