ᠵᠢᠨᠢᠩ ᠲᠣᠭᠤᠷᠢᠭ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠥᠪᠯᠡᠯ ᠤᠨ ᠨᠢᠭᠡᠳᠦᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/21
705470.jpg
    9 ᠰᠠᠷ᠎ᠠ ᠶᠢᠨ 20 ᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ  ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠥᠪᠯᠡᠯ ᠤᠨ ᠠᠩᠬᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ᠃   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃   ᠬᠤᠷᠠᠯ ᠳᠡᠭᠡᠷ᠎ᠡ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠪᠠ ᠬᠤᠲᠠ ᠶᠢᠨ ᠡᠳ᠋ ᠤᠨ ᠵᠠᠰᠠᠭ ᠮᠥᠩᠭᠦᠨ ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠥᠪᠯᠡᠯ ᠤᠨ ︵ᠥᠷᠭᠡᠳᠬᠡᠭᠰᠡᠨ︶᠎ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠲᠤᠭᠤᠷᠢᠭ ᠤᠨ  ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠭᠰᠠᠨ ᠪᠠᠶᠢᠳᠠᠯ ᠢ ᠬᠠᠷᠢᠭᠤ ᠮᠡᠳᠡᠭᠦᠯᠪᠡ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠰᠠᠯᠠᠭ᠎ᠠ ᠮᠥᠴᠢᠷ ᠲᠤ ᠬᠤᠯᠪᠣᠭᠳᠠᠭᠰᠠᠨ ᠪᠣᠳᠠᠲᠠᠶ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ ᠃᡽ ᠱᠢ ᠭᠤᠸᠠᠩ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠥᠷᠢ ᠥᠭᠴᠡᠭᠡ ᠶᠢ ᠠᠷᠢᠯᠭᠠᠬᠤ ᠠᠵᠢᠯ  ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠨᠡᠮᠡᠭᠳᠡᠭᠦᠯᠵᠦ᠂ ᠠᠵᠢᠯ  ᠤᠨ ᠰᠡᠳᠬᠢᠴᠡ ᠠᠷᠭ᠎ᠠ ᠪᠠᠨ ᠲᠠᠰᠤᠷᠠᠯᠳᠠ ᠥᠭᠡᠢ ᠰᠢᠨ᠎ᠡ ᠪᠠᠷ ᠡᠭᠦᠳᠴᠦ᠂ ᠥᠷᠢ ᠥᠭᠴᠡᠭᠡ ᠶᠢ ᠠᠷᠢᠯᠭᠠᠬᠤ ᠲᠥᠰᠦᠯ  ᠢ ᠲᠡᠭᠦᠯᠳᠡᠷᠵᠢᠭᠦᠯᠦᠨ᠂ ᠥᠷᠢ ᠥᠭᠴᠡᠭᠡ ᠶᠢ ᠠᠷᠢᠯᠭᠠᠬᠤ ᠠᠵᠢᠯ  ᠢ ᠢᠳᠡᠪᠬᠢᠲᠡᠶ ᠪᠠᠷ ᠠᠬᠢᠭᠤᠯᠬᠤ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠳᠠᠯᠳᠠ ᠥᠷᠢ ᠥᠭᠴᠡᠭᠡ ᠶᠢᠨ ᠨᠡᠮᠡᠭᠳᠡᠯ ᠢ ᠬᠤᠷᠢᠭᠯᠠᠵᠤ᠂ ᠬᠠᠳᠠᠭᠠᠯᠠᠯᠲᠠ ᠶᠢᠨ  ᠬᠡᠮᠵᠢᠶ᠎ᠡ ᠶᠢ ᠯᠠᠪᠳᠠᠭᠤᠨ ᠢᠶᠠᠷ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠵᠣᠬᠢᠴᠠᠭᠤᠯᠭ᠎ᠠ ᠪᠠᠨ ᠴᠢᠩᠭᠠᠳᠬᠠᠵᠤ᠂ ᠦᠶᠯᠡᠴᠢᠯᠡᠭᠡ ᠪᠠᠨ ᠰᠢᠯᠢᠳᠡᠭᠵᠢᠭᠦᠯᠦᠨ᠂ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠨᠡᠪᠲᠡᠷᠡᠯᠴᠡᠵᠦ᠂ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠤᠨ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠵᠣᠯᠭᠠᠯᠴᠠᠭ᠎ᠠ ᠶᠢ ᠴᠢᠩᠭᠠᠳᠬᠠᠵᠤ᠂ ᠥᠷᠢ ᠥᠭᠴᠡᠭᠡ ᠶᠢ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃    ᠺᠠᠩ ᠬᠠᠶ ᠷᠦᠢ᠂ ᠵᠠᠩ ᠱᠦᠨ  ᠯᠢ᠂ ᠶᠤᠤ ᠬᠠᠶ ᠮᠢᠩ᠂ ᠵᠠᠩ ᡁᠢ ᠷᠦᠩ᠂ ᠸᠠᠩ ᠯᠢ ᠰᠢᠨ᠂ ᠶᠠᠩ ᠶᠦᠩ᠂ ᠯᠢ ᠯᠢᠨ᠂ ᠱᠢ ᠭᠤᠸᠠᠩ᠂ ᠯᠢ ᠺᠦᠨ᠂ ᠾᠧ ᠷᠦᠨ ᠭᠧᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                     ᠵᠢᠷᠤᠭ᠄ ᠴᠢᠶᠤᠤ ᠮᠢᠨ                     ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2