ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠮᠠᠨ ᠤ ᠲᠤᠭᠤᠷᠢᠭ ᠤᠨ ᠬᠤᠲᠠ ᠬᠥᠳᠡᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠵᠢᠴᠢ ᠴᠡᠪᠡᠷ ᠡᠨᠧᠷᠭᠢ ᠶᠢᠨ ᠥᠭᠡᠷᠡᠴᠢᠯᠡᠯᠲᠡ ᠶᠢ ᠠᠬᠢᠭᠤᠯᠬᠤ ᠵᠡᠷᠭᠡ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2023/9/21
    9  ᠳ᠋ᠦ᠋ᠭᠡᠷ ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠲᠤᠭᠤᠷᠢᠭ ᠤᠨ ᠬᠤᠲᠠ ᠬᠥᠳᠡᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠡᠯᠡᠳᠬᠡᠯ᠂ ᠴᠡᠪᠡᠷ ᠡᠨᠧᠷᠭᠢ ᠪᠠ ᠢᠯᠴᠢ ᠬᠠᠩᠭᠠᠬᠤ ᠬᠤᠶᠠᠳᠠᠬᠢ ᠤᠳᠠᠭᠠᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢᠨ ᠶᠡᠷᠦᠩᠬᠡᠶ ᠪᠠᠶᠢᠳᠠᠯ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠪᠣᠳᠠᠲᠠᠶ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃     ᠵᠠᠩ ᠶᠦᠩ ᠸᠧᠨ ᠬᠡᠯᠡᠬᠦ ᠳᠡᠭᠡᠨ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠴᠡᠪᠡᠷ ᠡᠨᠧᠷᠭᠢ ᠶᠢᠨ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠵᠤ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠣᠯᠠᠨ ᠲᠦᠮᠡᠨ ᠤ ᠠᠷᠢᠭᠤᠨ ᠴᠡᠪᠡᠷ ᠳᠤᠯᠠᠭᠠᠯᠭ᠎ᠠ ᠶᠢᠨ ᠠᠵᠢᠯ ᠤᠨ ᠲᠤᠬᠠᠶ ᠮᠡᠳᠡᠷᠡᠮᠵᠢ ᠶᠢᠨ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠷᠢᠭᠤᠨ ᠴᠡᠪᠡᠷ ᠳᠤᠯᠠᠭᠠᠯᠭ᠎ᠠ ᠶᠢᠨ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠦᠶᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠳᠤ ᠠᠰᠠᠭᠤᠳᠠᠯ ᠭᠠᠷᠪᠠᠯ ᠴᠠᠭ ᠲᠤᠬᠠᠶ ᠳᠤᠨᠢ ᠰᠡᠯᠪᠢᠨ ᠵᠠᠰᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠨᠡᠭᠦᠷᠡᠰᠦ ᠨᠥᠭᠡᠴᠡᠯᠡᠬᠦ ᠠᠵᠢᠯ ᠢ ᠴᠢᠨᠠᠭᠰᠢᠳᠠ ᠰᠠᠶᠢᠲᠤᠷ ᠬᠢᠵᠦ᠂ ᠭᠤᠣᠯ ᠬᠤᠳᠠ‌‍ᠲ᠋ᠣᠭᠤᠷᠢᠭ ᠤᠨ ᠢᠯᠴᠢ ᠬᠠᠩᠭᠠᠬᠤ ᠬᠤᠶᠠᠳᠤᠭᠠᠷ ᠤᠳᠠᠭ᠎ᠠ ᠶᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠵᠤ᠂ ᠰᠡᠯᠪᠢᠨ ᠵᠠᠰᠠᠵᠤ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠢᠯᠴᠢ ᠬᠠᠩᠭᠠᠬᠤ ᠶᠠᠰᠤ ᠴᠢᠨᠠᠷ ᠦᠷ᠎ᠡ ᠠᠰᠢᠭ ᠢ ᠦᠨᠡᠨᠬᠦ ᠳᠡᠭᠡᠭᠰᠢᠯᠡᠭᠦᠯᠵᠦ᠂ ᠤᠯᠠᠨ ᠲᠦᠮᠡᠨ ᠤ ᠡᠪᠦᠯ ᠢ ᠳᠤᠯᠠᠭᠠᠨ‌ᠥᠩᠭᠡᠷᠡᠭᠦᠯᠬᠦ ᠶᠢ ᠪᠠᠲᠤᠯᠠᠬᠤ ᠬᠡᠷᠡᠭᠲᠡᠢ  ᠭᠡᠵᠡᠢ᠃     ᠺᠠᠩ ᠬᠠᠶ ᠷᠦᠢ᠂ ᠵᠠᠩ ᠱᠧᠩ ᠵᠢᠶᠠᠩ᠂ ᠵᠠᠩ ᡁᠢ ᠷᠦᠩ᠂ ᠶᠠᠩ ᠶᠦᠩ᠂ ᠯᠢ ᠺᠦᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2