ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠳᠤ ᠶᠠᠮᠠᠷ ᠲᠣᠬᠢᠷᠠᠭᠤᠯᠤᠯᠲᠠ ᠬᠢᠭᠰᠡᠨ ᠪᠣᠶ︖ ᠰᠤᠷᠭᠠᠨ ᠬᠥᠮᠦᠵᠢᠯ ᠤᠨ ᠶᠠᠮᠤᠨ ᠨᠠᠷᠢᠯᠢᠭ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/9/25
      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠵᠦ᠂ ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ︽ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠰᠤᠷᠭᠠᠨ ᠡᠳ᠋ ᠤᠨ ᠶᠠᠪᠤᠳᠠᠯ ︹2023︺ 4 ᠳ᠋ᠦ᠋ᠭᠡᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠳᠦᠭᠦᠮᠴᠢᠯᠡᠨ᠎ᠡ︶᠎ ᠢ ᠳᠠᠷᠤᠮᠠᠯᠯᠠᠨ ᠲᠠᠷᠬᠠᠭᠠᠪᠠ᠃ ᠰᠤᠷᠭᠠᠨ ᠬᠥᠮᠦᠵᠢᠯ ᠤᠨ ᠶᠠᠮᠤᠨ ᠤ ᠡᠳ᠋ ᠤᠨ ᠶᠠᠪᠤᠳᠠᠯ ᠤᠨ ᠵᠤᠷᠭᠠᠨ ᠤ ᠬᠠᠷᠢᠭᠤᠴᠠᠯᠭᠠᠲᠠᠨ ︽ᠮᠡᠳᠡᠭᠳᠡᠯ︾᠎ ᠤᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      1 . ︽ᠮᠡᠳᠡᠭᠳᠡᠯ︾᠎ ᠢ ᠨᠡᠶᠢᠲᠡᠯᠡᠭᠰᠡᠨ ᠠᠬᠤᠶ ᠪᠠᠶᠢᠳᠠᠯ ᠶᠠᠭᠤ ᠪᠣᠶ︖      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ᠂ ᠰᠤᠷᠭᠠᠨ ᠬᠥᠮᠦᠵᠢᠯ ᠤᠨ ᠡᠷᠬᠡ ᠲᠡᠭᠰᠢ ᠪᠣᠯ ᠨᠡᠶᠢᠭᠡᠮ ᠤᠨ ᠡᠷᠬᠡ ᠲᠡᠭᠰᠢ ᠶᠢᠨ ᠴᠢᠬᠤᠯᠠ ᠰᠠᠭᠤᠷᠢ ᠮᠥᠨ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠶᠢ ᠲᠠᠰᠤᠷᠠᠯᠲᠠ ᠥᠬᠡᠶ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠷ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠪᠦᠬᠦ ᠰᠤᠷᠤᠯᠭ᠎ᠠ ᠶᠢᠨ ᠱᠠᠲᠤ ᠶᠢ ᠬᠠᠮᠤᠷᠤᠭᠰᠠᠨ ᠰᠤᠷᠤᠭᠴᠢᠳ ᠢ ᠲᠡᠳᠬᠦᠨ ᠲᠤᠰᠠᠯᠠᠬᠤ ᠳᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ︾ ᠭᠡᠵᠦ ᠲᠣᠳᠣᠷᠬᠠᠶ ᠳᠤᠷᠠᠳᠪᠠ᠃ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠪᠣᠯ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠷᠭ᠎ᠠ ᠪᠠᠷᠢᠯ ᠢ ᠠᠰᠢᠭᠯᠠᠨ ᠮᠠᠨ ᠤ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ᠂ ᠳᠡᠳᠬᠦᠨ ᠲᠤᠰᠠᠯᠠᠬᠤ ᠡᠲᠡᠭᠡᠳ ᠪᠣᠯ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠤᠷᠤᠭᠴᠢ ᠪᠣᠯᠤᠨ ᠰᠣᠳᠤᠯᠬᠤ ᠰᠤᠷᠤᠭᠴᠢ ᠳᠤ ᠬᠠᠩᠭᠠᠭᠰᠠᠨ ᠰᠤᠷᠤᠯᠭ᠎ᠠ ᠶᠢ ᠳᠡᠳᠬᠦᠬᠦ ᠢᠲᠡᠭᠡᠮᠵᠢᠲᠦ ᠵᠢᠭᠡᠯᠡᠯᠭᠡ ᠪᠠᠶᠢᠵᠤ᠂ ᠰᠤᠷᠤᠭᠴᠢᠳ ᠢ ᠬᠠᠪᠰᠤᠷᠤᠨ ᠰᠤᠷᠭᠠᠭᠤᠯᠢ ᠳᠤ ᠪᠠᠶᠢᠭ᠎ᠠ ᠬᠤᠭᠤᠴᠠᠭᠠᠨ ᠳᠠᠬᠢ ᠰᠤᠷᠤᠯᠭ᠎ᠠ ᠪᠣᠯᠤᠨ ᠠᠮᠢᠳᠤᠷᠠᠯ ᠤᠨ ᠵᠠᠷᠤᠳᠠᠯ ᠢ ᠰᠢᠢᠳᠪᠦᠷᠢᠯᠡᠨ᠎ᠡ᠃ ᠡᠨᠡ ᠬᠦ ᠲᠦᠷᠦ ᠶᠢᠨ ᠪᠤᠳᠤᠯᠭ᠎ᠠ ᠶᠢ 1999 ᠣᠨ ᠳᠤ ᠬᠡᠷᠡᠭᠵᠢᠭᠦᠯᠦᠭᠰᠡᠨ ᠠᠴᠠ ᠤᠳᠤ ᠪᠣᠯᠲᠠᠯ᠎ᠠ ᠲᠠᠰᠤᠷᠠᠯᠳᠠ ᠦᠭᠡᠢ ᠲᠡᠭᠦᠯᠳᠡᠷᠵᠢᠭᠦᠯᠪᠡ᠃ 2022 ᠣᠨ ᠤ ᠡᠴᠦᠰ ᠪᠣᠯᠲᠠᠯ᠎ᠠ᠂ ᠪᠥᠬᠦ ᠤᠯᠤᠰ ᠲᠤ 4000 ᠭᠠᠷᠤᠶ ᠳ᠋ᠦᠩᠰᠢᠭᠤᠷ ᠲᠥᠭᠦᠷᠢᠭ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠲᠠᠯᠪᠢᠵᠤ᠂ 2000 ᠭᠠᠷᠤᠶ ᠲᠦᠮᠡᠨ ᠰᠣᠷᠣᠭᠴᠢ ᠠᠰᠢᠭ ᠭᠦᠷᠲᠡᠵᠦ᠂ ᠬᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ ᠰᠤᠷᠤᠯᠭ᠎ᠠ ᠪᠠᠨ ᠤᠷᠤᠭᠰᠢᠲᠠᠶ ᠪᠡᠶᠡᠯᠡᠭᠦᠯᠬᠦ ᠶᠢ ᠬᠦᠴᠦᠲᠡᠶ ᠳᠡᠮᠵᠢᠨ᠂ ᠰᠤᠷᠭᠠᠨ ᠬᠥᠮᠦᠵᠢᠯ ᠤᠨ ᠭᠤᠤᠯᠴᠢ ᠶᠢ ᠠᠬᠢᠭᠤᠯᠪᠠ᠃ ᠭᠡᠪᠡᠴᠦ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠰᠤᠷᠤᠯᠭ᠎ᠠ ᠶᠢᠨ ᠰᠦᠢᠳᠭᠡᠯ᠂ ᠦᠨᠳᠦᠰᠦᠨ ᠠᠮᠢᠳᠤᠷᠠᠯ ᠤᠨ ᠰᠦᠢᠳᠭᠡᠯ ᠵᠡᠷᠭᠡ ᠰᠤᠷᠭᠠᠭᠤᠯᠢ ᠳᠤ ᠣᠷᠣᠬᠤ ᠥᠪᠡᠷ ᠤᠨ ᠥᠷᠲᠡᠭ ᠪᠠᠭ᠋ᠠᠨ ᠳᠡᠭᠡᠭᠰᠢᠯᠡᠵᠦ᠂ ᠰᠤᠷᠤᠭᠴᠢ ᠵᠢᠴᠢ ᠭᠡᠷ ᠪᠦᠯᠢ ᠳᠤ ᠲᠤᠯᠭᠠᠷᠠᠵᠤ ᠪᠠᠶᠢᠭ᠎ᠠ ᠠᠵᠤ ᠠᠬᠤᠶ ᠶᠢᠨ ᠳᠠᠷᠤᠯᠲᠠ ᠪᠣᠯᠤᠨ ᠵᠢᠭᠡᠯᠡᠯᠭᠡ ᠶᠢᠨ ᠬᠡᠷᠡᠭᠴᠡᠭᠡ ᠨᠡᠮᠡᠭᠳᠡᠨ᠂ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠴᠡᠪᠡᠷ ᠠᠰᠢᠭ ᠢ ᠤᠯᠠᠮ ᠨᠢᠭᠡ ᠠᠯᠬᠤᠮ ᠲᠠᠯᠪᠢᠵᠤ᠂ ᠰᠤᠷᠤᠭᠴᠢ ᠶᠢᠨ ᠵᠢᠭᠡᠯᠡᠯᠭᠡ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠂ ᠰᠤᠷᠤᠭᠴᠢ ᠶᠢᠨ ᠵᠣᠭᠤᠰ ᠪᠤᠴᠠᠭᠠᠬᠤ ᠳᠠᠷᠤᠯᠲᠠ ᠶᠢ ᠬᠥᠩᠭᠡᠷᠡᠭᠦᠯᠦᠨ᠂ ᠰᠤᠷᠤᠭᠴᠢᠳ ᠤᠨ ᠰᠤᠷᠤᠯᠭ᠎ᠠ ᠪᠠᠨ ᠪᠡᠶᠡᠯᠡᠭᠦᠯᠬᠦ᠂ ᠨᠡᠩ ᠰᠠᠶᠢᠨ ᠠᠵᠢᠯ ᠣᠯᠬᠤ ᠶᠢ ᠳᠡᠮᠵᠢᠬᠦ ᠴᠢᠬᠤᠯᠠ ᠲᠠᠢ ᠪᠠᠶᠢᠨ᠎ᠠ᠃       2 . ᠡᠨᠡ ᠤᠳᠠᠭᠠᠨ ᠤ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠭᠤᠤᠯ ᠠᠭᠤᠯᠭ᠎ᠠ ᠶᠠᠭᠤ ᠪᠣᠶ︖      ᠡᠭᠦᠨ ᠳᠤ ᠭᠤᠣᠯᠳᠠᠭᠤ ᠭᠤᠷᠪᠠᠨ ᠲᠠᠯ᠎ᠠ ᠶᠢᠨ ᠠᠭᠤᠯᠭ᠎ᠠ ᠬᠤᠯᠪᠣᠭᠳᠠᠨ᠎ᠠ᠄ ᠨᠢᠭᠡ ᠳᠤ᠂ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠰᠤᠷᠤᠭᠴᠢ ᠨᠢᠭᠡ ᠪᠦᠷᠢ ᠳᠤ ᠵᠢᠯ ᠳᠤ ᠬᠠᠮᠤᠭ ᠤᠨ ᠥᠨᠳᠥᠷ ᠲᠤ ᠪᠠᠨ 4000 ᠲᠥᠭᠦᠷᠢᠭ ᠨᠡᠮᠡᠵᠦ ᠂ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠤᠷᠤᠭᠴᠢ ᠶᠢ 12000 ᠲᠥᠭᠦᠷᠢᠭ ᠠᠴᠠ ᠬᠡᠲᠦᠷᠡᠭᠦᠯᠬᠦ ᠦᠭᠡᠶ ᠪᠠᠶᠢᠭᠰᠠᠨ ᠠᠴᠠ 16000 ᠲᠥᠭᠦᠷᠢᠭ ᠠᠴᠠ ᠬᠡᠲᠦᠷᠡᠭᠦᠯᠬᠦ ᠦᠭᠡᠶ ᠪᠣᠯᠭᠠᠵᠤ᠂ ᠰᠣᠳᠤᠯᠬᠤ ᠰᠤᠷᠤᠭᠴᠢ ᠶᠢ 16000 ᠲᠥᠭᠦᠷᠢᠭ ᠠᠴᠠ ᠬᠡᠲᠦᠷᠡᠭᠦᠯᠬᠦ ᠦᠭᠡᠶ ᠪᠠᠶᠢᠭᠰᠠᠨ ᠠᠴᠠ 20000 ᠲᠥᠭᠦᠷᠢᠭ ᠠᠴᠠ ᠬᠡᠲᠦᠷᠡᠭᠦᠯᠬᠦ ᠦᠭᠡᠶ ᠪᠣᠯᠭᠠᠨ᠎ᠠ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠶᠢ ᠪᠣᠳᠣᠯᠬᠢᠯᠠᠨ᠂ ᠴᠡᠷᠢᠭ ᠤᠨ ᠠᠯᠪᠠ ᠬᠠᠭᠠᠬᠤ ᠳᠡᠭᠡᠳᠦ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ᠂ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠣᠷᠣᠯᠠᠨ ᠲᠥᠯᠥᠬᠦ ᠪᠠ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠵᠢᠴᠢ ᠦᠨᠳᠦᠰᠦᠨ ᠱᠠᠲᠤᠨ ᠳᠤ ᠠᠵᠢᠯ ᠣᠯᠬᠤ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ᠂ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠣᠷᠣᠯᠠᠨ ᠲᠥᠯᠥᠬᠦ ᠪᠠᠷᠢᠮᠵᠢᠶ᠎ᠠ ᠶᠢ ᠵᠣᠬᠢᠴᠠᠩᠭᠤᠶ ᠪᠠᠷ ᠳᠡᠭᠡᠭᠰᠢᠯᠡᠭᠦᠯᠦᠨ᠎ᠡ᠃ ᠬᠤᠶᠠᠷ ᠲᠤ᠂ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠦᠦ ᠶᠢᠨ ᠨᠣᠷᠮ᠎ᠠ ᠶᠢ 0.3%᠎ ᠪᠠᠷ ᠲᠣᠬᠢᠷᠠᠭᠤᠯᠤᠨ ᠬᠠᠰᠤᠵᠤ᠂ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR︶᠎ ᠠᠴᠠ 0.3%᠎ ᠶᠢ ᠬᠠᠰᠤᠵᠤ ᠪᠠᠶᠢᠭᠰᠠᠨ ᠢ 0.6%᠎ ᠶᠢ ᠬᠠᠰᠤᠬᠤ ᠪᠠᠷ ᠲᠣᠬᠢᠷᠠᠭᠤᠯᠤᠨ᠎ᠠ᠃ ᠭᠤᠷᠪᠠ ᠳᠤ᠂ ᠰᠣᠳᠤᠯᠬᠤ ᠰᠤᠷᠤᠭᠴᠢ ᠶᠢᠨ ᠬᠤᠳᠠᠯᠳᠤᠭᠠᠨ ᠤ ᠴᠢᠨᠠᠷᠲᠠᠶ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠠᠵᠢᠯ ᠢ ᠥᠷᠨᠢᠭᠦᠯᠵᠦ᠂ ᠰᠣᠳᠤᠯᠬᠤ ᠰᠤᠷᠤᠭᠴᠢ ᠶᠢᠨ ᠭᠡᠷ ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠭᠠᠷᠳᠠᠮ ᠢ ᠳᠥᠭᠦᠮ ᠳᠥᠲᠡ᠂ ᠲᠦᠭᠰᠢᠭᠦᠷᠢ ᠶᠢ ᠡᠵᠡᠮᠳᠡᠵᠦ ᠪᠣᠯᠬᠤᠶᠢᠴᠠ ᠰᠤᠳᠤᠯᠬᠤ ᠰᠤᠷᠤᠭᠴᠢ ᠶᠢᠨ ᠰᠤᠷᠤᠯᠭ᠎ᠠ ᠶᠢ ᠳᠡᠳᠬᠦᠬᠦ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠬᠠᠨᠳᠤᠯᠭᠠᠲᠠᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠦᠦ ᠶᠢᠨ ᠨᠣᠷᠮ᠎ᠠ᠂ ᠬᠤᠭᠤᠴᠠᠭ᠎ᠠ ᠬᠢᠵᠠᠭᠠᠷ᠂ ᠵᠣᠭᠤᠰ ᠪᠤᠴᠠᠭᠠᠬᠤ ᠠᠷᠭ᠎ᠠ ᠮᠠᠶ᠋ᠢᠭ ᠵᠡᠷᠭᠡ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠦᠨ᠎ᠡ᠃      3 . ᠡᠯ᠎ᠡ ᠭᠠᠵᠠᠷ ᠤᠨ ᠳᠡᠬᠡᠳᠦ ᠰᠤᠷᠭᠠᠭᠤᠯᠢ ᠣᠳᠣ ᠶᠠᠭ ᠵᠠᠯᠭᠠᠭ᠎ᠠ ᠪᠠᠷ ᠰᠤᠷᠭᠠᠭᠤᠯᠢ ᠡᠬᠢᠯᠡᠵᠦ ᠪᠠᠶᠢᠨ᠎ᠠ᠂ ᠮᠠᠰᠢ ᠣᠯᠠᠨ ᠰᠤᠷᠤᠭᠴᠢᠳ ᠨᠢᠭᠡᠨᠲᠡ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠭᠤᠶᠤᠴᠢᠯᠠᠵᠠᠶ᠂ ᠡᠳᠡᠭᠡᠷ ᠰᠤᠷᠤᠭᠴᠢᠳ ᠰᠢᠨ᠎ᠡ ᠲᠥᠷᠥ ᠶᠢᠨ ᠪᠣᠳᠣᠯᠭ᠎ᠠ ᠶᠢᠨ ᠶᠣᠰᠤ ᠪᠠᠷ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠡᠮᠡᠵᠦ ᠪᠣᠯᠤᠨ᠎ᠠ ᠦᠦ︖      ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠨᠢᠭᠡᠨᠲᠡ ᠭᠤᠶᠤᠴᠢᠯᠠᠵᠤ ᠥᠩᠭᠡᠷᠡᠭᠰᠡᠨ ᠰᠤᠷᠤᠭᠴᠢᠳ ᠴᠤ ᠰᠢᠨ᠎ᠡ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠤᠨ᠎ᠠ᠃ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ ᠵᠢᠭᠡᠯᠡᠯᠭᠡ ᠭᠤᠶᠤᠴᠢᠯᠠᠭᠰᠠᠨ ᠰᠤᠷᠤᠭᠴᠢ ᠰᠢᠭᠤᠳ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠣᠰᠤ ᠪᠠᠷ ᠵᠢᠭᠡᠯᠡᠯᠭᠡ ᠶᠢᠨ ᠭᠠᠷᠳᠠᠮ ᠭᠦᠢᠴᠡᠳᠭᠡᠵᠦ ᠪᠣᠯᠤᠨ᠎ᠠ︔ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ᠂ 2023 ᠣᠨ ᠳᠤ ᠨᠢᠭᠡᠨᠲᠡ ᠵᠢᠭᠡᠯᠡᠯᠭᠡ ᠶᠢᠨ ᠭᠤᠶᠤᠴᠢᠯᠠᠯ ᠢᠶᠠᠨ ᠲᠤᠰᠢᠶᠠᠭᠰᠠᠨ ᠪᠤᠶᠤ ᠵᠣᠭᠤᠰ ᠵᠢᠭᠡᠯᠡᠬᠦ ᠭᠡᠷ᠎ᠡ ᠲᠣᠭᠲᠠᠭᠰᠠᠨ ᠰᠤᠷᠤᠭᠴᠢᠳ ᠪᠣᠳᠠᠲᠠᠶ ᠬᠡᠷᠡᠭᠴᠡᠭᠡ ᠪᠠᠨ ᠦᠨᠳᠦᠰᠦᠯᠡᠨ᠂ ᠰᠢᠨ᠎ᠡ ᠲᠤᠭ᠎ᠠ ᠬᠡᠮᠵᠢᠶᠡᠨ ᠤ ᠬᠡᠪᠴᠢᠶᠡᠨ ᠳᠤ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠭᠠᠷᠲᠠᠨ ᠡᠷᠬᠢᠯᠡᠵᠦ ᠪᠠᠶᠢᠭ᠎ᠠ ᠪᠠᠩᠬᠢ ᠠᠴᠠ ᠵᠢᠭᠡᠯᠡᠯᠭᠡ ᠶᠢᠨ ᠵᠣᠭᠤᠰ ᠤᠨ ᠲᠤᠭ᠎ᠠ ᠪᠠᠨ ᠨᠡᠮᠡᠭᠳᠡᠭᠦᠯᠬᠦ ᠪᠠᠷ ᠭᠤᠶᠤᠴᠢᠯᠠᠵᠤ ᠪᠣᠯᠤᠨ᠎ᠠ᠃       4 . ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠭᠤᠤᠯ ᠪᠣᠳᠣᠯᠬᠢᠯᠠᠯ ᠶᠠᠭᠤ ᠪᠣᠶ︖       ᠦᠯᠡᠳᠡᠪᠦᠷᠢ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠭᠡᠷ᠎ᠡ ᠶᠢ ᠰᠢᠨ᠎ᠡ ᠬᠦᠦ ᠶᠢᠨ ᠨᠣᠷᠮ᠎ᠠ ᠶᠢᠨ ᠶᠣᠰᠤ ᠪᠠᠷ ᠬᠡᠷᠡᠭᠵᠢᠭᠦᠯᠦᠨ᠎ᠡ ᠦᠦ︖ ᠵᠢᠭᠡᠯᠡᠯᠭᠡ ᠠᠪᠤᠭᠰᠠᠨ ᠰᠤᠷᠤᠭᠴᠢᠳ ᠤᠨ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠦᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ 2022 ᠣᠨ ᠵᠢᠴᠢ ᠲᠡᠭᠦᠨ ᠠᠴᠠ ᠡᠮᠦᠨᠡᠬᠢ ᠣᠨ ᠳᠤ ᠲᠡᠭᠦᠰᠦᠭᠰᠡᠨ ᠵᠢᠭᠡᠯᠡᠯᠭᠡ ᠠᠪᠤᠭᠰᠠᠨ ᠰᠤᠷᠤᠭᠴᠢᠳ ᠤᠨ 2022 ᠣᠨ ᠳᠤ ᠪᠤᠴᠠᠭᠠᠬᠤ ᠶᠣᠰᠣᠲᠠᠶ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠵᠦ᠂ ᠡᠲᠡᠭᠡᠷ ᠰᠤᠷᠤᠭᠴᠢᠳ ᠤᠨ 2022 ᠣᠨ ᠤ ᠪᠤᠴᠠᠭᠠᠬᠤ ᠶᠣᠰᠣᠲᠠᠶ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠡᠬᠡ ᠮᠥᠩᠭᠦ ᠶᠢ ᠵᠢᠭᠡᠯᠡᠯᠭᠡ ᠠᠪᠤᠭᠰᠠᠨ ᠰᠤᠷᠤᠭᠴᠢ ᠥᠪᠡᠰᠦᠪᠡᠨ ᠭᠤᠶᠤᠴᠢᠯᠠᠪᠠᠯ᠂ 1 ᠵᠢᠯ ᠬᠤᠶᠢᠰᠢᠯᠠᠭᠤᠯᠤᠨ ᠪᠤᠴᠠᠭᠠᠵᠤ ᠪᠣᠯᠤᠨ᠎ᠠ᠂ ᠬᠤᠭᠤᠴᠠᠭ᠎ᠠ ᠤᠷᠲᠤᠳᠬᠠᠭᠰᠠᠨ ᠵᠢᠭᠡᠯᠡᠯᠭᠡ ᠳᠤ ᠲᠣᠷᠭᠠᠭᠤᠯᠢ ᠶᠢᠨ ᠬᠦᠦ ᠪᠠ ᠳᠠᠪᠬᠤᠷ ᠬᠦᠦ ᠶᠢ ᠪᠤᠳᠤᠬᠤ ᠥᠬᠡᠶ᠃ 2023 ᠣᠨ ᠳᠤ ᠡᠨᠡ ᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠪᠡ᠃ ᠵᠢᠭᠡᠯᠡᠯᠭᠡ ᠠᠪᠬᠤ ᠰᠤᠷᠤᠭᠴᠢᠳ ᠤᠨ ᠠᠵᠤ ᠠᠬᠤᠶ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠶᠢᠨ ᠲᠥᠯᠦᠭᠡ᠂ ᠡᠨᠡ ᠤᠳᠠᠭᠠᠨ ᠤ ︽ᠮᠡᠳᠡᠭᠳᠡᠯ︾᠎ ᠳᠤ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠦᠦ ᠶᠢᠨ ᠨᠣᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ ᠭᠡᠵᠦ ᠲᠣᠳᠣᠷᠬᠠᠶ ᠲᠣᠭᠲᠠᠭᠠᠵᠠᠶ᠃ ᠡᠭᠦᠨ ᠠᠴᠠ ᠡᠮᠦᠨ᠎ᠡ ᠨᠢᠭᠡᠨᠲᠡ ᠲᠣᠭᠲᠠᠭᠰᠠᠨ LPR᠎ ᠢᠶᠠᠷ ᠯᠠᠪᠯᠠᠯᠲᠠ ᠪᠣᠯᠭᠠᠭᠰᠠᠨ ᠬᠥᠳᠡᠯᠦᠩᠭᠦᠶ ᠬᠦᠦ ᠶᠢᠨ ᠨᠣᠷᠮ᠎ᠠ ᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠭᠡᠷ᠎ᠡ ᠶᠢ ᠰᠢᠨ᠎ᠡ ᠬᠦᠦ ᠶᠢᠨ ᠨᠣᠷᠮ᠎ᠠ ᠶᠣᠰᠤ ᠪᠠᠷ ᠬᠡᠷᠡᠭᠵᠢᠭᠦᠯᠵᠦ ᠪᠣᠯᠤᠨ᠎ᠠ᠂ ᠪᠣᠳᠠᠲᠠᠶ ᠳᠠᠭᠠᠭᠠᠨ ᠭᠦᠢᠴᠡᠳᠭᠡᠬᠦ ᠪᠠᠩᠬᠢ ᠪᠣᠯᠤᠨ ᠵᠢᠭᠡᠯᠡᠯᠭᠡ ᠠᠪᠤᠭᠰᠠᠨ ᠰᠣᠷᠣᠭᠴᠢ ᠵᠥᠪᠳᠡᠯᠴᠡᠵᠦ᠂ ᠤᠤᠯ ᠤᠨ ᠭᠡᠷ᠎ᠡ ᠶᠢᠨ ᠬᠦᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠠᠳᠠᠯᠢ ᠲᠠᠰ ᠤᠨ LPR᠎ ᠠᠴᠠ 0. 6%᠎ ᠶᠢ ᠬᠠᠰᠤᠵᠤ ᠪᠣᠯᠤᠨ᠎ᠠ᠃      5 . ᠰᠣᠳᠤᠯᠬᠤ ᠰᠤᠷᠤᠭᠴᠢ ᠶᠢᠨ ᠬᠤᠳᠠᠯᠳᠤᠭᠠᠨ ᠤ ᠴᠢᠨᠠᠷᠲᠠᠶ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠠᠵᠢᠯ ᠢ ᠥᠷᠨᠢᠭᠦᠯᠬᠦ ᠶᠢᠨ ᠭᠤᠤᠯ ᠪᠣᠳᠣᠯᠬᠢᠯᠠᠯ ᠶᠠᠭᠤ ᠪᠣᠶ︖      ᠰᠤᠳᠤᠯᠬᠤ ᠰᠤᠷᠤᠭᠴᠢ ᠶᠢᠨ ᠬᠤᠳᠠᠯᠳᠤᠭᠠᠨ ᠤ ᠴᠢᠨᠠᠷᠲᠠᠶ ᠰᠤᠷᠤᠯᠭ᠎ᠠ ᠶᠢ ᠳᠡᠳᠬᠦᠬᠦ ᠵᠢᠭᠡᠯᠡᠯᠭᠡ ᠨᠢ ᠳᠠᠮ ᠬᠦᠦ ᠮᠥᠩᠭᠦ ᠪᠣᠯᠤᠨ ᠲᠦᠭᠰᠢᠭᠦᠷᠢ ᠶᠢᠨ ᠨᠥᠬᠦᠪᠥᠷᠢ ᠮᠥᠩᠭᠦ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠤᠨ᠎ᠠ ᠤᠤ︖ ᠣᠳᠣᠬᠠᠨ ᠳᠤ᠂ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠠᠪᠬᠤ ᠡᠲᠡᠭᠡᠳ ᠪᠣᠯ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠪᠣᠯᠤᠨ᠎ᠠ᠃ ᠰᠣᠳᠤᠯᠬᠤ ᠰᠤᠷᠤᠭᠴᠢ ᠶᠢᠨ ᠱᠠᠲᠤᠨ ᠤ ᠰᠤᠷᠤᠭᠴᠢᠳ ᠤᠨ ᠵᠣᠩᠬᠢᠯᠠᠬᠤ ᠲᠤᠭ᠎ᠠ ᠨᠢ ᠨᠢᠭᠡᠨᠲᠡ ᠨᠠᠰᠤᠨ ᠳᠤ ᠬᠦᠷᠦᠭᠰᠡᠨ ᠪᠠᠶᠢᠪᠠᠯ᠂ ᠬᠤᠳᠠᠯᠳᠤᠭᠠᠨ ᠤ ᠴᠢᠨᠠᠷᠲᠠᠶ ᠰᠤᠷᠤᠯᠭ᠎ᠠ ᠶᠢ ᠳᠡᠳᠬᠦᠬᠦ ᠵᠢᠭᠡᠯᠡᠯᠭᠡ ᠭᠤᠶᠤᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠭᠠᠭᠤᠯᠢ ᠳᠤ ᠣᠷᠣᠬᠤ ᠵᠠᠷᠤᠳᠠᠯ ᠢᠶᠠᠨ ᠰᠢᠢᠳᠪᠦᠷᠢᠯᠡᠬᠦ ᠶᠢ ᠳᠡᠮᠵᠢᠵᠦ᠂ ᠰᠤᠷᠤᠭᠴᠢᠳ ᠤᠨ ᠥᠪᠡᠰᠦᠪᠡᠨ ᠬᠦᠴᠦᠷᠬᠡᠭᠵᠢᠬᠦ ᠶᠢ ᠵᠣᠷᠢᠭᠵᠢᠭᠤᠯᠤᠨ᠎ᠠ᠃ ᠰᠣᠳᠤᠯᠬᠤ ᠰᠤᠷᠤᠭᠴᠢ ᠶᠢᠨ ᠬᠤᠳᠠᠯᠳᠤᠭᠠᠨ ᠤ ᠴᠢᠨᠠᠷᠲᠠᠶ ᠰᠤᠷᠤᠯᠭ᠎ᠠ ᠶᠢ ᠳᠡᠳᠬᠦᠬᠦ ᠵᠢᠭᠡᠯᠡᠯᠭᠡ ᠪᠣᠯ ᠬᠤᠳᠠᠯᠳᠤᠭᠠᠨ ᠤ ᠴᠢᠨᠠᠷᠲᠠᠶ ᠵᠢᠭᠡᠯᠡᠯᠭᠡ ᠪᠣᠯᠬᠤᠷ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠳᠠᠮ ᠬᠦᠦ ᠪᠣᠯᠤᠨ ᠲᠦᠭᠰᠢᠭᠦᠷᠢ ᠶᠢᠨ ᠨᠥᠬᠦᠪᠥᠷᠢ ᠮᠥᠩᠭᠦ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠦᠭᠡᠶ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠠᠷᠳᠠᠮ ᠢ ᠲᠡᠭᠦᠯᠳᠡᠷᠵᠢᠭᠦᠯᠬᠦ ᠳᠤ ᠳᠥᠭᠦᠮ ᠳᠥᠲᠡ᠂ ᠲᠦᠭᠰᠢᠭᠦᠷᠢ ᠶᠢ ᠡᠵᠡᠮᠳᠡᠵᠦ ᠪᠣᠯᠬᠤᠶᠢᠴᠠ ᠰᠣᠳᠤᠯᠬᠤ ᠰᠤᠷᠤᠭᠴᠢ ᠶᠢᠨ ᠰᠤᠷᠤᠯᠭ᠎ᠠ ᠶᠢ ᠳᠡᠳᠬᠦᠬᠦ ᠢᠲᠡᠭᠡᠮᠵᠢᠲᠦ ᠵᠢᠭᠡᠯᠡᠯᠭᠡ ᠶᠢᠨ ᠦᠢᠯᠡᠳᠭᠦᠨ ᠢ ᠬᠠᠨᠳᠤᠯᠭᠠᠲᠠᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠦᠦ ᠶᠢᠨ ᠨᠣᠷᠮ᠎ᠠ᠂ ᠬᠤᠭᠤᠴᠠᠭ᠎ᠠ ᠬᠢᠵᠠᠭᠠᠷ᠂ ᠵᠣᠭᠤᠰ ᠪᠤᠴᠠᠭᠠᠬᠤ ᠠᠷᠭ᠎ᠠ ᠮᠠᠶ᠋ᠢᠭ ᠵᠡᠷᠭᠡ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠦᠨ᠎ᠡ᠃      6 . ︽ᠮᠡᠳᠡᠭᠳᠡᠯ︾᠎ ᠤᠨ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠶᠠᠭᠠᠬᠢᠵᠤ ᠪᠠᠲᠤᠯᠠᠬᠤ ᠪᠣᠶ︖      ᠰᠢᠨ᠎ᠡ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠪᠢᠳᠡ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠥᠷᠨᠢᠭᠦᠯᠦᠨ᠎ᠡ᠄ ᠨᠢᠭᠡ ᠳᠤ᠂ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠤᠯ ᠵᠠᠭᠤᠴᠢᠯᠠᠭᠤᠷ᠂ ᠬᠠᠯᠠᠮᠰᠢᠯ ᠤᠲᠠᠰᠤ᠂ ᠣᠬᠤᠷ ᠮᠡᠳᠡᠭᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠰᠤᠷᠤᠭᠴᠢᠳ ᠲᠤ ᠪᠥᠬᠦ ᠲᠠᠯ᠎ᠠ ᠪᠠᠷ ᠤᠬᠠᠭᠤᠯᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠭᠦᠢᠴᠡᠳᠭᠡᠬᠦ ᠠᠵᠢᠯ ᠢ ᠰᠠᠶᠢᠲᠤᠷ ᠠᠳᠬᠤᠵᠤ᠂ ᠭᠠᠷᠲᠠᠨ ᠡᠷᠬᠢᠯᠡᠬᠦ ᠪᠠᠩᠬᠢ ᠶᠢ ᠰᠢᠪᠠᠳᠠᠭᠤᠯᠵᠤ ᠰᠢᠨ᠎ᠡ ᠲᠥᠷᠥ ᠶᠢᠨ ᠪᠣᠳᠣᠯᠭ᠎ᠠ ᠶᠢᠨ ᠶᠣᠰᠤ ᠪᠠᠷ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠭᠦᠢᠴᠡᠳᠭᠡᠯᠭᠡᠬᠦ ᠪᠤᠶᠤ ᠨᠢᠭᠡᠨᠲᠡ ᠭᠦᠢᠴᠡᠳᠭᠡᠭᠰᠡᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠲᠣᠬᠢᠷᠠᠭᠤᠯᠵᠤ᠂ ᠵᠢᠭᠡᠯᠡᠯᠭᠡ ᠠᠪᠤᠭᠰᠠᠨ ᠰᠤᠷᠤᠭᠴᠢᠳ ᠲᠤ ᠰᠢᠨ᠎ᠡ ᠲᠥᠷᠥ ᠶᠢᠨ ᠪᠣᠳᠣᠯᠭ᠎ᠠ ᠶᠢᠨ ᠴᠡᠪᠡᠷ ᠠᠰᠢᠭ ᠢ ᠳᠠᠷᠦ᠋ᠢᠬᠠᠨ ᠭᠦᠷᠲᠡᠭᠡᠨ᠎ᠡ᠃ ᠭᠤᠷᠪᠠ ᠳᠤ᠂ ᠡᠯ᠎ᠡ ᠭᠠᠵᠠᠷ ᠤᠨ ᠡᠯ᠎ᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠲᠤᠰᠠᠯᠠᠬᠤ ᠠᠵᠢᠯᠲᠠᠨ ᠳᠤ ᠬᠠᠨᠳᠤᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠵᠠᠮ ᠢ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠢᠷᠤᠮᠵᠢᠭᠤᠯᠬᠤ ᠶᠢ ᠦᠨᠡᠨ ᠬᠦ ᠪᠠᠲᠤᠯᠠᠨ᠎ᠠ᠃  ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ    
 
ᠢᠷᠡᠯᠲᠡ᠄ ᠦᠪᠦᠷ ᠮᠤᠡᠭᠭᠤᠯ  ᠤᠨ ᠰᠤᠷᠭᠠᠨ ᠬᠦᠮᠦᠵᠢᠯ ᠦᠨ ᠲᠢᠡᠭᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2