ᠵᠢᠨᠢᠩ ᠲᠣᠭᠤᠷᠢᠭ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠶᠴᠡᠳᠬᠡᠵᠦ ᠳᠠᠭᠤᠰᠬᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/25
799470.jpg
   9 ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠵᠢᠨᠢᠩ ᠲᠣᠭᠤᠷᠢᠭ ᠤᠨ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ  ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠶᠴᠡᠳᠬᠡᠵᠦ ᠳᠠᠭᠤᠰᠬᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃   ᠬᠤᠷᠠᠯ ᠠᠴᠠ ᠮᠠᠨ ᠤ  ᠲᠤᠭᠤᠷᠢᠭ ᠤᠨ 1-8 ᠳ᠋ᠤᠭᠠᠷ ᠰᠠᠷ᠎ᠠ ᠶᠢᠨ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠰᠢᠶᠳᠪᠦᠷᠢᠯᠡᠵᠦ ᠳᠠᠭᠤᠰᠬᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ︽ᠤᠯᠠᠭᠠᠨᠴᠠᠪ ᠬᠤᠲᠠ ᠶᠢᠨ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ  ᠤᠲᠠᠰᠤᠨ ᠤ  ᠠᠵᠢᠯ ᠤᠨ ᠬᠡᠷᠡᠭᠵᠢᠭᠦᠯᠬᠦ ᠨᠠᠷᠢᠨ ᠲᠦᠷᠢᠮ︾᠎ ᠢ ᠤᠯᠠᠮᠵᠢᠯᠠᠨ ᠰᠤᠷᠤᠯᠴᠠᠪᠠ ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ  ᠬᠦᠷᠢᠶ᠎ᠠ ᠶᠢᠨ ᠢᠶᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠶᠴᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠭᠠᠷᠳᠠᠵᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠲᠣᠰ ᠲᠣᠰ ᠤᠨ ᠬᠠᠷᠢᠭᠤᠴᠠᠯᠭ᠎ᠠ ᠪᠠᠨ ᠭᠦᠶᠴᠡᠳᠬᠡᠵᠦ᠂ ᠭᠤᠤᠯᠯᠠᠭᠴᠢ ᠬᠦᠴᠦᠨ ᠢ ᠲᠠᠲᠠᠵᠤ᠂ ᠠᠵᠢᠯ ᠤᠨ ᠲᠤᠰᠬᠠᠶ ᠠᠩᠭᠢ ᠵᠣᠬᠢᠶᠠᠨ ᠪᠠᠶᠢᠭᠤᠯᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠵᠢᠷᠭᠤᠭᠠᠨ ᠨᠣᠷᠮ᠎ᠠ︾᠎ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ᠂ ᠲᠦᠷᠭᠡᠨ ᠢᠶᠠᠷ ᠬᠠᠷᠢᠭᠤᠯᠲᠠ ᠥᠭᠬᠦ ᠶᠢ ᠪᠡᠶᠡᠯᠡᠭᠦᠯᠬᠦ ᠬᠡᠷᠡᠭᠲᠡᠶ᠃ ᠰᠠᠯᠠᠭ᠎ᠠ ᠮᠥᠴᠢᠷ ᠤᠨ ᠬᠤᠭᠤᠷᠣᠨᠳᠣ ᠪᠠᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠢ ᠦᠨᠡᠨ ᠬᠦ ᠰᠢᠶᠳᠪᠦᠷᠢᠯᠡᠬᠦ ᠬᠡᠷᠡᠭᠲᠡᠶ᠃ ᠵᠠᠭᠠᠯᠳᠤᠯᠭ᠎ᠠ ᠶᠢ ᠬᠦᠯᠢᠶᠡᠨ ᠠᠪᠬᠤ ᠬᠥᠮᠦᠰ ᠣᠪᠣᠷ ᠲᠥᠪ ᠪᠠᠶᠢᠵᠤ᠂ ᠬᠦᠯᠢᠴᠡᠩᠭᠦᠶ ᠪᠠᠷ ᠨᠡᠪᠲᠡᠷᠡᠯᠴᠡᠨ ᠤᠶᠢᠯᠠᠭᠠᠯᠴᠠᠵᠤ᠂ ᠲᠤᠬᠠᠶᠢᠯᠠᠭᠰᠠᠨ ᠠᠵᠢᠯ ᠢᠶᠠᠨ ᠰᠠᠶᠢᠨ ᠮᠡᠳᠡᠵᠦ ᠂ ᠤᠯᠠᠨ ᠲᠦᠮᠡᠨ ᠤ ᠦᠨᠡᠨ ᠪᠣᠳᠠᠲᠠᠶ ᠭᠤᠮᠣᠳᠠᠯ ᠱᠠᠭᠠᠷᠳᠠᠯᠭ᠎ᠠ ᠶᠢ ᠣᠶᠢᠯᠠᠭᠠᠵᠤ᠂ ᠤᠲᠠᠰᠤ ᠪᠠᠷ ᠬᠠᠷᠢᠭᠤ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃     ᠶᠤᠤ ᠬᠠᠢ ᠮᠢᠩ᠂ ᠶᠠᠩ ᠶᠦᠩ᠂ ᠯᠢ ᠯᠢᠨ᠂ ᠯᠢ ᠺᠦᠨ᠂ ᠾᠧ ᠷᠦᠨ ᠭᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ                     ᠵᠢᠷᠤᠭ᠄ ᠴᠢᠶᠤᠤ ᠮᠢᠨ                     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2