ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠤᠭᠤᠷᠢᠭ ᠤᠨ  ᠬᠤᠷᠢᠶ᠎ᠠ  ᠶᠢᠨ  2023 ᠣᠨ ᠤ 28 ᠳ᠋ᠤᠭᠠᠷ ᠤᠳᠠᠭ᠎ᠠ ᠶᠢᠨ ᠪᠠᠶᠢᠩᠭᠤ ᠶᠢᠨ  ᠬᠤᠷᠢᠶ᠎ᠠ ᠶᠢᠨ ᠬᠤᠷᠠᠯ ᠵᠢᠴᠢ ᠠᠮᠢ ᠠᠬᠤᠢ ᠣᠷᠴᠢᠨ ᠲᠣᠭᠤᠷᠢᠨ ᠤ ᠵᠥᠪᠯᠡᠯ ᠤᠨ 3 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/4
705470.jpg
     9 ᠰᠠᠷ᠎ᠠ ᠶᠢᠨ 1᠎ ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠤᠭᠤᠷᠢᠭ ᠤᠨ ᠬᠤᠷᠢᠶ᠎ᠠ ᠶᠢᠨ 2023 ᠣᠨ ᠤ 28 ᠳ᠋ᠤᠭᠠᠷ ᠤᠳᠠᠭ᠎ᠠ ᠶᠢᠨ ᠪᠠᠶᠢᠩᠭᠤ ᠵᠢᠨ‌ᠬᠤᠷᠢᠶ᠎ᠠ ᠶᠢᠨ ᠬᠤᠷᠠᠯ ᠵᠢᠴᠢ ᠠᠮᠢ ᠠᠬᠤᠢ  ᠣᠷᠴᠢᠨ ᠲᠣᠭᠤᠷᠢᠨ ᠤ ᠵᠥᠪᠯᠡᠯ ᠤᠨ 3 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠎ ᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠥᠭᠭᠦᠭᠰᠡᠨ ᠬᠠᠷᠢᠭᠤ ᠵᠠᠬᠢᠳᠠᠯ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶ᠎ᠠ ᠵᠢᠴᠢ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠳᠤᠷᠠᠳᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠎ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠤᠨ ︽ᠭᠤᠷᠪᠠᠨ ᠱᠠᠲᠤᠨ ᠤ ᠰᠦᠯᠵᠢᠶ᠎ᠡ᠂ ᠬᠤᠶᠠᠷ ᠱᠠᠲᠤᠨ ᠤ ᠬᠠᠷᠢᠭᠤᠴᠠᠯᠭ᠎ᠠ ᠶᠢᠨ ᠳᠦᠷᠢᠮ︾᠎ ᠢ ᠦᠷᠭᠦᠯᠵᠢᠯᠡᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠨᠢᠭᠲᠠᠷᠠᠬᠤ ᠬᠡᠯᠪᠡᠷᠢ ᠶᠢᠨ ᠬᠥᠭᠵᠢᠯᠲᠡ ᠶᠢᠨ ᠲᠥᠯᠥᠪᠯᠡᠭᠡ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠴᠢᠬᠤᠯᠠ ᠲᠠᠪᠴᠠᠩ ᠢ ᠪᠠᠶᠢᠭᠤᠯᠬᠤ ᠬᠡᠷᠡᠭᠲᠡᠢ᠃    ᠬᠤᠷᠠᠯ ᠠᠴᠠ ᠵᠢᠨᠢᠩ ᠲᠣᠭᠤᠷᠢᠭ ᠤᠨ ︽  ᠨᠠᠢᠮᠠᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃   ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠨᠡᠶᠢᠲᠡᠯᠡᠭᠰᠡᠨ ᠵᠢᠷᠭᠤᠭᠠᠨ ᠠᠬᠢᠭᠤᠯᠬᠤ ᠲᠦᠷᠢᠮ ᠢ ᠣᠨ ᠤ ᠬᠠᠤᠯᠢ ᠲᠦᠭᠡᠮᠡᠯᠵᠢᠭᠦᠯᠬᠦ ᠠᠭᠤᠯᠭ᠎ᠠ ᠳᠤ ᠣᠷᠣᠭᠤᠯᠵᠤ᠂ ᠲᠦᠷᠢᠮ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠬᠠᠤᠯᠢ ᠰᠤᠷᠤᠯᠴᠠᠬᠤ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷᠴᠤᠳ ᠤᠨ ᠮᠡᠳᠡᠪᠡᠯ ᠵᠣᠬᠢᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠨᠠᠷᠢᠨ ᠲᠠᠩᠰᠠ ᠶᠢ ᠲᠦᠷᠭᠡᠳᠬᠡᠨ ᠲᠣᠭᠲᠠᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠬᠠᠤᠯᠢ ᠪᠠᠷ ᠵᠠᠰᠠᠬᠤ ᠰᠠᠭᠤᠷᠢ ᠶᠢ ᠪᠠᠲᠤᠳᠬᠠᠬᠤ ᠬᠡᠷᠡᠭᠲᠡᠶ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ᠂ ᠬᠡᠨ ᠭᠤᠤᠯᠴᠢᠯᠠᠨ ᠬᠠᠮᠢᠶᠠᠷᠪᠠᠯ ᠬᠡᠨ ᠬᠠᠤᠯᠢ ᠲᠦᠭᠡᠮᠡᠯᠵᠢᠭᠦᠯᠬᠦ︾ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠰᠣᠷᠣᠭᠴᠢ᠂ ᠬᠡᠷ ᠤᠨ ᠠᠬᠠᠮᠠᠳ ᠪᠣᠯᠤᠨ ᠪᠠᠭᠰᠢ ᠨᠠᠷ ᠲᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠨ ᠤ ᠲᠤᠭᠤᠷᠢᠭ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃    ᠬᠤᠷᠠᠯ ᠠᠴᠠ ︽ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠢ ᠮᠡᠳᠡᠭᠳᠡᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠢᠨᠢᠩ ᠲᠣᠭᠤᠷᠢᠭ ᠤᠨ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠤᠨ ᠲᠥᠰᠦᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠲᠠᠰᠤᠷᠠᠯᠳᠡ ᠦᠭᠡᠢ ᠨᠠᠷᠢᠯᠢᠬᠵᠢᠭᠤᠯᠵᠤ᠂ ᠪᠤᠢ ᠪᠦᠬᠦᠢ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠪᠦᠬᠦᠨ ᠢ  ᠴᠡᠭᠴᠡᠯᠡᠨ ᠭᠤᠤᠯᠳᠠᠯᠭ᠎ᠠ ᠶᠢ ᠴᠢᠩᠭ᠎ᠠ ᠠᠩᠬᠠᠷᠴᠤ᠂ ᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠪᠠ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠬᠠᠮᠢᠶᠠᠷᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠰᠢ ᠰᠦᠷᠡᠯ᠂ ᠬᠤᠭ ᠨᠣᠪᠰᠢ ᠶᠢ ᠰᠢᠲᠠᠭᠠᠬᠤ ᠵᠡᠷᠭᠡ ᠦᠵᠡᠭᠳᠡᠯ ᠭᠠᠷᠬᠤ ᠶᠢ  ᠬᠤᠷᠢᠭᠯᠠᠬᠤ ᠬᠡᠷᠡᠭᠲᠡᠶ᠃    ᠬᠤᠷᠠᠯ ᠠᠴᠠ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠰᠠᠨᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠢᠨᠢᠩ ᠲᠣᠭᠤᠷᠢᠭ ᠤᠨ ᠨᠠᠰᠤᠵᠢᠯ ᠤᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠡᠷ ᠲᠡᠭᠡᠨ  ᠰᠤᠪᠢᠯᠠᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠶᠢ ᠭᠦᠶᠴᠡᠳ ᠬᠥᠭᠵᠢᠭᠦᠯᠦᠭᠰᠡᠨ᠂ ᠡᠮᠴᠢᠯᠡᠭᠡ ᠰᠤᠪᠢᠯᠠᠯᠲᠠ ᠶᠢ ᠣᠷᠭᠠᠨᠢᠭ ᠢᠶᠠᠷ ᠤᠶᠠᠯᠳᠤᠭᠤᠯᠤᠭᠰᠠᠨ︾ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠦᠶᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠶᠯᠡᠴᠢᠯᠡᠭᠡᠨ ᠤ ᠬᠦᠷᠢᠶ᠎ᠡ ᠶᠢ ᠲᠡᠭᠦᠯᠳᠡᠷᠵᠢᠭᠦᠯᠦᠨ᠂ ᠮᠠᠨ ᠤ  ᠲᠤᠭᠤᠷᠢᠭ ᠤᠨ ᠨᠠᠰᠤᠵᠢᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃      ᠬᠤᠷᠠᠯ ᠠᠴᠠ ︽2023 ᠣᠨ ᠤ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠰᠢᠯᠭᠠᠷᠠᠭᠤᠯᠬᠤ ᠠᠵᠢᠯ ᠤᠨ ᠲᠥᠰᠦᠯ︾᠂ ︽ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠵᠢᠴᠢ ᠭᠤᠴᠢ ᠶᠢᠰᠦᠳᠦᠭᠡᠷ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠥᠰᠦᠯ︾᠂ ︽ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2023 — 2025︶︾᠂ ︽ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ︾᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                       ᠵᠢᠷᠤᠭ᠄ ᠴᠢᠶᠤᠤ ᠮᠢᠨ                       ᠤᠷᠴᠢᠭᠤᠯᠤᠭᠴᠢ᠄ ᠲᠤᠶᠠᠭ᠎ᠠ  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2