9 ᠰᠠᠷ᠎ᠠ ᠳᠤ ᠡᠨᠡ ᠸᠢᠷᠦ᠋ᠰ ᠶᠡᠭᠡ ᠪᠠᠷ ᠳᠡᠯᠭᠡᠷᠡᠵᠦ ᠮᠡᠳᠡᠨ᠎ᠡ
ᠨᠡᠶᠢᠲᠡᠯᠡᠭᠰᠡᠨ ᠴᠠᠭ᠄
2023/9/5
    9 ᠳ᠋ᠣᠭᠡᠷ ᠰᠠᠷ᠎ᠠ ᠳᠤ ᠰᠤᠷᠭᠠᠭᠤᠯᠢ ᠡᠬᠢᠯᠡᠭᠰᠡᠨ ᠤ  ᠳᠠᠷᠠᠭ᠎ᠠ᠂  ᠡᠯ᠎ᠡ  ᠰᠤᠷᠭᠠᠭᠤᠯᠢ ᠨᠤᠭᠤᠳ ᠲᠤ  ᠨᠦᠷᠦ  ᠸᠢᠷᠦ᠋ᠰ ᠬᠠᠯᠳᠠᠪᠤᠷᠢᠯᠠᠨ ᠳᠡᠯᠭᠡᠷᠡᠬᠦ ᠪᠣᠯᠣᠮᠵᠢ ᠶᠡᠬᠡᠲᠡᠢ ᠪᠠᠶᠢᠨ᠎ᠠ᠃                          ᠭᠤᠸᠠᠩᠳᠦ᠋ᠩ ᠮᠤᠵᠢ ᠶᠢᠨ ᠡᠪᠡᠳᠴᠢᠨ ᠬᠢᠵᠢᠭ ᠢ ᠰᠡᠷᠭᠡᠶᠢᠯᠡᠨ ᠳᠠᠷᠣᠬᠤ ᠲᠥᠪ ᠤᠨ  ᠰᠠᠨᠠᠭᠤᠯᠤᠭᠰᠠᠨ ᠢᠶᠠᠷ᠂  ᠨᠦᠷᠦ‌‍ᠸᠢᠷᠦ᠋ᠰ ᠨᠢ ᠮᠠᠰᠢ ᠶᠡᠭᠡ ᠬᠠᠯᠳᠠᠪᠤᠷᠢᠯᠠᠬᠤ ᠴᠢᠨᠠᠷ ᠲᠠᠢ ᠪᠥᠭᠡᠳ ᠥᠳᠬᠡᠨ ᠰᠢᠩᠭᠡᠨ ᠮᠥᠷ ᠪᠤᠶᠤ  ᠪᠥᠭᠡᠯᠵᠢᠰᠦ  ᠨᠢᠯᠪᠤᠰᠦ ᠡᠴᠡ‌ᠬᠠᠯᠳᠠᠪᠤᠷᠢᠵᠦ ᠮᠡᠳᠡᠨ᠎ᠡ ᠭᠡᠨ᠎ᠡ᠃                         ᠰᠤᠷᠭᠠᠭᠤᠯᠢ᠂ ᠬᠡᠦᠬᠡᠳ ᠤᠨ ᠴᠡᠴᠡᠷᠯᠢᠭ  ᠠᠰᠠᠷᠠᠮᠵᠢ ᠶᠢᠨ  ᠪᠠᠶᠢᠭᠤᠯᠤᠮᠵᠢ  ᠵᠡᠷᠭᠡ  ᠬᠥᠮᠥᠨ  ᠬᠠᠷ᠎ᠠ  ᠣᠯᠠᠨ  ᠎ ᠲᠠᠢ ᠭᠠᠵᠠᠷ ᠲᠤ ᠬᠡᠨ ᠨᠢᠭᠡ ᠨᠢ ᠬᠠᠯᠳᠠᠪᠤᠷᠢᠯᠠᠪᠠᠯ᠂ ᠪᠦᠬᠦ ᠠᠩᠭᠢ ᠪᠠᠷ ᠢᠶᠠᠨ ᠬᠠᠯᠳᠠᠪᠤᠷᠢᠯᠠᠭᠳᠠᠬᠤ ᠡᠷᠡᠰᠳᠡᠯ ᠲᠠᠢ ᠪᠣᠯᠬᠤᠷ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠡᠷᠡᠬᠦᠯ ᠮᠡᠨᠳᠦ ᠶᠢᠨ ᠰᠠᠯᠠᠭ᠎ᠠ  ᠮᠦᠴᠢᠷ ᠠᠴᠠ  ᠰᠤᠷᠭᠠᠭᠤᠯᠢ ᠨᠤᠭᠤᠳ ᠲᠤ  ᠣᠨᠴᠠᠭᠠᠶᠢᠯᠠᠨ‌‍ᠰᠠᠨᠠᠭᠤᠯᠵᠤ ᠪᠠᠶᠢᠨ᠎ᠠ᠃                          ᠬᠠᠯᠳᠠᠪᠤᠷᠢᠯᠠᠬᠤ ᠴᠢᠨᠠᠷ ᠢᠶᠠᠷ ᠴᠢᠩᠭ᠎ᠠ ᠪᠠᠶᠢᠳᠠᠭ ᠠᠴᠠ ᠭᠠᠳᠠᠨ᠎ᠠ᠂  ᠨᠦᠷᠦ  ᠸᠢᠷᠦ᠋ᠰ ᠤᠨ  ᠣᠷᠴᠢᠨ  ᠲᠣᠭᠤᠷᠢᠨ ᠳᠤ ᠵᠤᠬᠢᠴᠠᠬᠤ ᠴᠢᠳᠠᠪᠤᠷᠢ ᠨᠢ ᠴᠦ ᠮᠠᠰᠢ ᠴᠢᠩᠭ᠎ᠠ ᠪᠠᠶᠢᠳᠠᠭ᠃ ᠡᠨᠡ ᠸᠢᠷᠦ᠋ᠰ 0 ᠭᠷᠠᠳᠦ᠋ᠰ — 60  ᠭᠷᠠᠳᠦ᠋ᠰ ᠤᠨ  ᠳᠤᠯᠠᠭᠠᠨ ᠳ᠋ᠦ‌‍ᠪᠦ᠋ᠷ ᠠᠮᠢᠵᠢᠷᠠᠨ ᠣᠷᠣᠰᠢᠳᠠᠭ ᠪᠥᠭᠡᠳ ᠪᠣᠳᠠᠰ ᠤᠨ ᠭᠠᠳᠠᠷᠭᠤ ᠳᠤ 2  ᠭᠠᠷᠠᠭ  ᠠᠮᠢᠳᠤᠷᠠᠵᠤ  ᠴᠢᠨᠠᠭᠰᠢᠯᠠᠨ  ᠤᠰᠤᠨ ᠳᠤ  2ᠰᠠᠷ᠎ᠠ ᠠᠴᠠ ᠳᠡᠭᠡᠭᠰᠢ ᠬᠤᠭᠤᠴᠠᠭ᠎ᠠ ᠠᠮᠢᠳᠤᠷᠠᠳᠠᠭ ᠢ ᠰᠣᠳᠣᠯᠭᠠᠨ ᠢᠶᠠᠷ ᠨᠤᠲᠠᠯᠠᠭᠰᠠᠨ ᠪᠠᠶᠢᠨ᠎ᠠ᠃ 75%᠎ ᠶᠢᠨ ᠥᠳᠬᠡᠴᠡ ᠲᠠᠢ‌‍ᠰᠫᠢᠷᠲ᠂ ᠭᠠᠷ ᠤᠬᠢᠶᠠᠬᠤ ᠰᠢᠩᠭᠡᠨ ᠵᠡᠷᠭᠡ ᠎ ᠨᠢ ᠡᠨᠡ ᠸᠢᠷᠦ᠋ᠰ ᠢ ᠤᠰᠠᠳᠬᠠᠵᠦ ᠴᠢᠳᠠᠳᠠᠭ ᠦᠭᠡᠢ ᠶᠤᠮ᠃ ᠲᠣᠰ ᠸᠢᠷᠦ᠋ᠰ ᠎ ᠲᠤ ᠬᠠᠯᠳᠠᠪᠤᠷᠢᠯᠠᠭᠰᠠᠨ ᠤ ᠳᠠᠷᠠᠭᠠᠬᠢ ᠡᠪᠡᠳᠴᠢᠨ ᠤ ᠪᠠᠶᠢᠩᠭᠤ ᠶᠢᠨ ᠢᠯᠡᠷᠡᠯ ᠪᠣᠯ ᠪᠥᠭᠡᠯᠵᠢᠬᠦ᠂  ᠰᠠᠭᠤᠯᠭᠠᠬᠤ᠂  ᠳᠤᠷ᠎ᠠ  ᠪᠣᠯᠭᠢᠬᠤ᠂ ᠬᠡᠳᠡᠰᠦ ᠡᠪᠡᠳᠬᠦ᠂ ᠲᠣᠯᠣᠭᠠᠢ ᠡᠪᠡᠳᠬᠦ᠂ ᠬᠠᠯᠠᠭᠤᠷᠠᠬᠤ᠂ ᠳᠠᠭᠠᠷᠠᠳᠠᠰᠤ ᠬᠦᠷᠬᠦ ᠪᠠ ᠪᠤᠯᠴᠢᠩ ᠮᠢᠬ᠎ᠠ ᠱᠠᠷᠬᠢᠷᠠᠨ  ᠡᠪᠡᠳᠬᠦ  ᠵᠡᠷᠭᠡ ᠪᠣᠯᠣᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2