ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠨᠡᠶᠢᠭᠡᠮ ᠲᠣᠭᠤᠷᠢᠭ ᠲᠤ ᠣᠷᠣᠭᠤᠯᠵᠤ ᠠᠵᠢᠯ ᠣᠯᠭᠤᠯᠲᠠ ᠶᠢᠨ ︽ᠰᠢᠨ᠎ᠡ ᠬᠥᠳᠡᠯᠭᠡᠭᠦᠷ︾᠎ ᠢ ᠴᠣᠭᠴᠠᠯᠠᠨ᠎ᠠ
ᠨᠡᠶᠢᠲᠡᠯᠡᠭᠰᠡᠨ ᠴᠠᠭ᠄
2023/9/5
       ᠠᠵᠢᠯ ᠣᠯᠭᠤᠯᠲᠠ ᠶᠢᠨ ᠪᠦᠲᠦᠴᠡ ᠵᠢᠨ‌ᠵᠥ᠋ᠷᠢᠴᠡᠯ ᠢ ᠨᠠᠮᠳᠠᠭᠤᠯᠬᠤ ᠶᠢᠨ ᠲᠥᠯᠥᠭᠡ᠂ ᠬᠥᠳᠡᠯᠮᠦᠷᠢᠴᠢᠳ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠪᠠ ᠠᠵᠢᠯ ᠣᠯᠵᠤ ᠠᠳᠠᠯ ᠦᠶᠯᠡᠰ ᠴᠣᠭᠴᠠᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 31᠎ ᠤ ᠡᠳᠦᠷ ᠠᠴᠠ ᠡᠬᠢᠯᠡᠨ᠂ ᠵᠢᠨᠢᠩ ᠲᠣᠭᠤᠷᠢᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠤᠯᠪᠣᠭᠠᠯᠠᠨ᠂ ᠨᠢᠭᠡ ᠭᠠᠷᠠᠭ ᠤᠨ ᠬᠤᠭᠤᠴᠠᠭ᠎ᠠ ᠲᠠᠢ ︽ᠠᠵᠢᠯ ᠣᠯᠭᠤᠯᠲᠠ ᠶᠢᠨ ᠣᠷᠣᠯᠭ᠎ᠠ ᠡᠭᠦᠳᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠡᠨᠡ ᠬᠤᠭᠤᠴᠠᠭᠠᠨ ᠳᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮ ᠲᠠᠢ ᠪᠠ ᠭᠠᠵᠠᠷ ᠣᠷᠣᠨ ᠤ ᠣᠨᠴᠠᠯᠢᠭ ᠲᠠᠢ 2 ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠦᠰᠢᠭᠯᠡᠨ᠂ ᠡᠯ᠎ᠡ ᠨᠡᠶᠢᠭᠡᠮ ᠲᠣᠭᠤᠷᠢᠭ ᠤᠨ ᠤᠬᠠᠭᠤᠯᠬᠤ ᠠᠵᠢᠯᠲᠠᠨ᠂ ᠰᠦᠯᠵᠢᠶᠡᠨ ᠤ ᠳᠠᠷᠤᠭ᠎ᠠ ᠵᠡᠷᠭᠡ ᠶᠢ ᠵᠣᠬᠢᠶᠠᠨ ᠪᠠᠶᠢᠭᠤᠯᠤᠨ ᠭᠠᠷ ᠤᠷᠠᠯᠠᠯ ᠤᠨ ᠪᠦᠲᠦᠭᠡᠭᠳᠡᠬᠦᠨ ᠢ ᠡᠳ᠋ᠰᠢᠭᠦᠯᠦᠨ ᠦᠶᠯᠡᠳᠪᠦᠷᠢᠯᠡᠬᠦ ᠪᠥᠬᠦ ᠶᠠᠪᠤᠴᠠ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠭᠦᠯᠵᠦ᠂ ᠳᠡᠭᠡᠰᠦᠨ ᠭᠦᠷᠦᠮᠡᠯ᠂ ᠰᠤᠪᠤᠳ ᠤᠨ ᠭᠦᠷᠦᠮᠡᠯ᠂ ᠠᠰᠠᠷᠠᠨ ᠬᠥᠮᠦᠵᠢᠭᠦᠯᠬᠦ ᠵᠡᠷᠭᠡ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠷᠥᠯ ᠵᠦᠶᠯ ᠢ ᠣᠶᠢᠯᠠᠭᠠᠪᠠ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠠᠰᠢᠭᠯᠠᠨ᠂ ᠥᠷᠭᠡᠨ ᠣᠯᠠᠨ ᠬᠠᠨᠢ ᠪᠣᠯᠵᠣ ᠰᠤᠷᠤᠯᠴᠠᠭᠰᠠᠨ  ᠵᠠᠯᠠᠭᠤ ᠡᠵᠢ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠤᠶᠠᠳᠠᠬᠢ ᠤᠳᠠᠭᠠᠨ ᠤ ᠠᠵᠢᠯ ᠣᠯᠭᠤᠯᠲᠠ ᠶᠢᠨ ᠣᠷᠣᠯᠭ᠎ᠠ ᠤᠯᠬᠤ ᠲᠣᠬᠢᠶᠠᠯ ᠬᠠᠩᠭᠠᠬᠤ ᠶᠢᠨ ᠲᠥᠯᠥᠭᠡ ᠶᠤᠮ᠃    ︽ᠪᠣᠯᠪᠠᠰᠤᠷᠠᠭᠤᠯᠤᠯ ᠳᠤ ᠰᠦᠢᠳᠬᠡᠯ ᠬᠤᠷᠢᠶᠠᠬᠤ ᠦᠭᠡᠶ᠂ ᠪᠠᠷᠠᠭ᠎ᠠ ᠠᠪᠬᠤ ᠳᠤ ᠵᠣᠭᠤᠰ ᠢ ᠳᠠᠷᠤᠬᠤ ᠦᠭᠡᠶ᠂ ᠪᠠᠷᠠᠭ᠎ᠠ ᠲᠤᠰᠢᠶᠠᠬᠤ ᠳᠤ ᠴᠠᠭ ᠢ ᠬᠢᠵᠠᠭᠠᠷᠯᠠᠬᠤ ᠦᠭᠡᠶ᠂ ᠲᠤᠬᠠᠶ ᠶᠢᠨ ᠡᠳᠦᠷ ᠲᠤ ᠬᠥᠯᠥᠰᠥᠨ ᠮᠥᠩᠭᠦ ᠲᠤᠰᠢᠶᠠᠨ᠎ᠠ︾᠂ ᡁᠢ ᠳ᠋ᠡ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ ᠶᠢᠨ ᠵᠠᠩ ᠵᠠᠬᠢᠷᠤᠯ ᠤᠨ ᠠᠮᠠᠯᠠᠯᠲᠠ ᠨᠢ ᠲᠣᠭᠤᠷᠢᠨ ᠦᠵᠡᠭᠴᠢᠳ ᠤᠨ ᠡᠷᠡᠭᠡᠯᠵᠡᠭᠡ ᠶᠢ ᠡᠪᠳᠡᠵᠦ᠂ ᠮᠠᠰᠢ ᠣᠯᠠᠨ ᠬᠥᠮᠦᠰ ᠪᠣᠯᠪᠠᠰᠤᠷᠠᠭᠤᠯᠤᠯ ᠤᠨ ᠠᠵᠢᠯ ᠤᠨ ᠪᠠᠶᠢᠷᠢ ᠳᠤ ᠭᠠᠷᠬᠤ ᠪᠣᠳᠠᠲᠠᠶ ᠠᠯᠬᠤᠮ ᠳᠠᠷᠠᠭ᠎ᠠ ᠶᠢ ᠠᠰᠠᠭᠤᠵᠤ ᠡᠬᠢᠯᠡᠵᠡᠶ᠃ ︽ᠰᠤᠯᠠ ᠴᠠᠭ ᠢᠶᠠᠷ ᠢᠶᠠᠨ ᠭᠠᠷ ᠤᠷᠠᠯᠠᠯ ᠤᠨ ᠪᠦᠲᠦᠭᠡᠭᠳᠡᠬᠦᠨ ᠬᠢᠬᠦ ᠨᠢ ᠣᠷᠣᠯᠭ᠎ᠠ ᠪᠠᠨ ᠨᠡᠮᠡᠭᠳᠡᠭᠦᠯᠬᠦ ᠪᠠᠷ ᠪᠠᠷᠠᠬᠤ ᠥᠬᠡᠶ᠂ ᠪᠠᠰᠠ ᠬᠡᠤᠬᠡᠳ ᠢᠶᠠᠨ ᠠᠰᠠᠷᠠᠬᠤ ᠶᠢ ᠴᠤ ᠬᠠᠷᠰᠢᠯᠠᠬᠤ ᠥᠬᠡᠶ᠂ ᠦᠨᠡᠬᠡᠷ ᠰᠠᠶᠢᠨ ᠪᠣᠯᠤᠯ᠎ᠠ︾ ᠭᠡᠵᠦ ᠸᠠᠩ ᠠᠪᠠᠭ᠋ᠠᠶ ᠪᠠᠶᠠᠷᠲᠠᠶ ᠪᠠᠷ ᠶᠠᠷᠢᠨ᠎ᠠ᠃       ᠵᠢᠨᠢᠩ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ︽ᠲᠦᠷᠦ ᠶᠢᠨ ᠪᠤᠳᠤᠯᠭ᠎ᠠ ᠶᠢ ᠬᠡᠷ ᠲᠤᠨᠢ ᠬᠦᠷᠭᠡᠬᠦ᠂ ᠪᠣᠯᠪᠠᠰᠤᠷᠠᠯ ᠢ ᠬᠡᠷ ᠲᠤᠨᠢ ᠬᠦᠷᠭᠡᠬᠦ᠂ ᠦᠢᠯᠡᠴᠢᠯᠡᠭᠡ ᠶᠢ ᠬᠥᠮᠦᠨ ᠳᠤ ᠬᠦᠷᠭᠡᠬᠦ︾ ᠵᠡᠷᠭᠡ ᠠᠷᠭ᠎ᠠ  ᠬᠡᠮᠵᠢᠶ᠎ᠡ ᠪᠠᠷ ᠳᠠᠮᠵᠢᠭᠤᠯᠵᠤ᠂ ᠤᠷ᠎ᠠ ᠴᠢᠳᠠᠪᠤᠷᠢ ᠶᠢᠨ ᠬᠢᠴᠢᠶᠡᠯ ᠢ ᠨᠡᠶᠢᠭᠡᠮ ᠲᠣᠭᠤᠷᠢᠭ ᠲᠤ ᠬᠦᠷᠭᠡᠵᠦ᠂ ᠤᠯᠠᠨ ᠲᠦᠮᠡᠨ ᠤ ᠳᠡᠷᠭᠡᠳᠡ ᠬᠦᠷᠭᠡᠪᠡ᠃ ᠠᠵᠢᠯ ᠤᠯᠬᠤ ᠪᠠ ᠠᠵᠢᠯ ᠤᠨ ᠪᠠᠶᠢᠷᠢ ᠰᠣᠯᠢᠬᠤ ᠱᠠᠭᠠᠷᠳᠠᠯᠭ᠎ᠠ ᠲᠠᠢ ᠬᠥᠳᠡᠯᠮᠦᠷᠢᠴᠢᠳ ᠲᠤ ᠪᠠᠲᠤᠯᠠᠭ᠎ᠠ ᠬᠠᠩᠭᠠᠵᠤ᠂ ᠰᠠᠭᠤᠭᠠᠯᠢ ᠠᠷᠠᠳ ᠤᠨ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠯᠭ᠎ᠠ ᠤᠯᠬᠤ ᠶᠢ ᠠᠬᠢᠭᠤᠯᠤᠨ᠎ᠠ᠃       ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠪᠣᠯᠪᠠᠰᠤᠷᠠᠭᠤᠯᠤᠯ ᠪᠣᠯ ᠠᠵᠢᠯ ᠣᠯᠭᠤᠯᠲᠠ ᠶᠢᠨ ᠰᠠᠭᠤᠷᠢ ᠮᠥᠨ᠃ ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠨᠢ ᠦᠷᠭᠦᠯᠵᠢᠯᠡᠨ ᠣᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠣᠯᠪᠠᠰᠤᠷᠠᠭᠤᠯᠤᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠢᠭᠡ ᠪᠦᠯᠦᠭ ᠣᠯᠠᠨ ᠲᠦᠮᠡᠨ ᠲᠠᠢ ᠣᠶᠢᠷᠠᠲᠤᠭᠰᠠᠨ᠂ ᠦᠷ᠎ᠡ ᠪᠦᠲᠦᠮᠵᠢ ᠲᠦᠷᠭᠡᠨ ᠣᠯᠤᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠵᠦᠶᠯᠡᠰ ᠢ ᠨᠡᠭᠡᠭᠡᠨ ᠬᠥᠭᠵᠢᠭᠦᠯᠦᠨ᠎ᠡ᠃ ᠪᠣᠳᠠᠲᠠᠢ ᠶᠢ ᠡᠷᠬᠢᠮᠯᠡᠭᠰᠡᠨ ᠲᠤᠰᠠᠲᠠᠢ ︽ᠠᠵᠢᠯ ᠣᠯᠭᠤᠬᠤ ᠦᠢᠯᠡᠰ ᠪᠤᠰᠬᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠬᠠᠮ ᠠᠷᠭ᠎ᠠ ᠬᠡᠮᠵᠢᠶ᠎ᠡ ︾᠎ ᠶᠢ ᠬᠡᠷᠡᠭᠵᠢᠭᠦᠯᠵᠦ᠂ ᠤᠯᠠᠨ ᠲᠦᠮᠡᠨ ᠤ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠵᠢᠨᠢᠩ ᠲᠣᠭᠤᠷᠢᠭ ᠤᠨ ᠠᠵᠢᠯ ᠣᠯᠭᠤᠬᠤ ᠦᠢᠯᠡᠰ ᠪᠤᠰᠬᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃                        ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2