ᠵᠢᠨᠢᠩ ᠲᠣᠭᠤᠷᠢᠭ ᠤᠨ ᠲᠠᠩᠰᠠ ᠡᠪᠬᠡᠮᠡᠯ ᠤᠨ ᠲᠡᠦᠬᠡ ᠣᠶᠢᠯᠠᠯᠭ᠎ᠠ ᠶᠢᠨ ᠣᠷᠳᠣᠨ ᠰᠢ ᠶᠢᠨ ᠫᠢᠩ  ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/5
       ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠥᠪᠥᠷ ᠮᠣᠩᠭᠤᠯ ᠳᠤ ᠳᠤᠷᠠᠳᠤᠭᠰᠠᠨ ᠱᠠᠭᠠᠷᠳᠠᠯᠭ᠎ᠠ ᠶᠢ ᠦᠨᠳᠦᠰᠦᠯᠡᠨ᠂ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠳᠤᠷᠠᠳᠤᠭᠰᠠᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠵᠢᠨᠢᠩ ᠲᠣᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠵᠤ᠂ ᠲᠡᠳᠡᠨ ᠤ ᠵᠣᠷᠢᠭ ᠰᠠᠨᠠᠭ᠎ᠠ ᠶᠢ ᠰᠤᠷᠤᠯᠴᠠᠪᠠ᠃       ᠬᠤᠷᠠᠯ ᠳᠡᠭᠡᠷ᠎ᠡ ᠳᠤᠷᠠᠳᠤᠭᠰᠠᠨ ᠨᠢ᠂ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾᠎ ᠶᠢ ᠪᠠᠶᠢᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠬᠤᠷᠠᠯ ᠠᠴᠠ᠂ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠵᠦ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠡᠭᠦᠨ ᠤ ᠬᠠᠮᠲᠤ ᠶᠠᠳᠠᠭᠤ ᠠᠴᠠ ᠠᠩᠭᠢᠵᠢᠷᠠᠭᠤᠯᠬᠤ ᠰᠢᠶᠠᠨ ᠤ ᠬᠥᠭᠵᠢᠯᠲᠡ ᠶᠢ ᠲᠦᠷᠭᠡᠳᠬᠡᠬᠦ ᠶᠢ ᠠᠬᠢᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠪᠣᠯᠤᠨ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠃ ᠲᠥᠪᠯᠡᠷᠡᠭᠦᠯᠦᠨ ᠬᠥᠮᠦᠵᠢᠭᠦᠯᠬᠦ ᠪᠠᠷ ᠳᠠᠮᠵᠢᠭᠤᠯᠤᠨ ᠪᠦᠬᠦ ᠨᠠᠮ ᠢᠶᠠᠷ ᠢᠶᠠᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠨᠠᠮ ᠤᠨ ᠰᠤᠷᠲᠠᠯ ᠤᠨ ᠲᠠᠯ᠎ᠠ ᠪᠠᠷ ᠬᠢ ᠲᠤᠪᠤᠶᠢᠮ᠎ᠠ ᠠᠰᠠᠭᠤᠳᠠᠯ ᠢ ᠰᠢᠶᠳᠪᠦᠷᠢᠯᠡᠬᠦ ᠶᠢ ᠲᠦᠯᠬᠢᠨ ᠠᠬᠢᠭᠤᠯᠬᠤ ᠪᠣᠯ ᠨᠢᠭᠡᠨ ᠴᠢᠬᠤᠯᠠ ᠲᠡᠦᠬᠡᠨ ᠲᠤᠷᠰᠢᠯᠭ᠎ᠠ ᠮᠥᠨ᠃                         ᠣᠷᠴᠢᠭᠤᠯᠤᠭᠴᠢ ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2