ᠥᠷᠭᠡᠨ ᠤᠯᠠᠨ ᠲᠦᠮᠡᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ | ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ 2023 ᠣᠨ ᠤ 9 ᠰᠠᠷ᠎ᠠ ᠶᠢᠨ 4 ᠤ | ᠡᠳᠦᠷ᠂ ᠪᠡᠶ᠎ᠡ ᠶᠢᠨ ᠲᠠᠮᠢᠷ ᠤᠨ ᠲᠠᠯᠠᠪᠠᠢ ᠶᠢᠨ ᠨᠡᠶᠢᠭᠡᠮ ᠲᠣᠭᠤᠷᠢᠭ ︽ᠤᠯᠤᠰ ᠢᠶᠠᠨ ᠬᠦᠴᠦᠷᠬᠡᠭᠵᠢᠭᠦᠯᠵᠦ ᠰᠡᠷᠭᠦᠨ | ᠮᠠᠨᠳᠤᠯᠲᠠ ᠳᠤ ᠪᠢ ᠪᠤᠢ︾ ᠭᠡᠬᠦ ᠭᠤᠣᠯ ᠰᠡᠳᠦᠪᠲᠦ ᠤᠯᠠᠨ ᠲᠦᠮᠡᠨ ᠤ ᠦᠯᠢᠭᠡᠷ ᠤᠨ ᠡᠮᠬᠢᠳᠬᠡᠯ ᠢ ᠡᠷᠬᠢᠯᠡᠵᠦ᠂ | ᠬᠤᠪᠢᠰᠬᠠᠯ ᠤᠨ ᠦᠯᠢᠭᠡᠷ᠂ ᠲᠡᠦᠬᠡ ᠶᠢᠨ ᠦᠯᠢᠭᠡᠷ᠂ ᠲᠡᠮᠡᠴᠡᠯ ᠤᠨ ᠦᠯᠢᠭᠡᠷ ᠵᠢᠴᠢ ᠤᠯᠠᠨ ᠲᠦᠮᠡᠨ ᠤ ᠳᠡᠷᠭᠡᠳᠡᠬᠢ | ᠰᠠᠶᠢᠨ ᠬᠥᠮᠦᠨ ᠰᠠᠶᠢᠨ ᠶᠠᠪᠤᠳᠠᠯ ᠪᠣᠯᠤᠨ ᠬᠠᠯᠠᠭᠤᠨ ᠳᠣᠲᠣᠨᠣ ᠠᠷᠰᠠᠷ ᠶᠠᠪᠤᠳᠠᠯ ᠢ ᠶᠠᠷᠢᠬᠤ ᠪᠠᠷ ᠵᠣᠷᠢᠯᠭ᠎ᠠ | ᠪᠣᠯᠭᠠᠭᠰᠠᠨ ᠪᠠᠶᠢᠨ᠎ᠠ᠃ | ᠪᠡᠶ᠎ᠡ ᠶᠢᠨ ᠲᠠᠮᠢᠷ ᠤᠨ ᠲᠠᠯᠠᠪᠠᠢ ᠶᠢᠨ ᠨᠡᠶᠢᠭᠡᠮ ᠲᠣᠭᠤᠷᠢᠭ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ | ᠤᠯᠠᠨ ᠢᠶᠠᠷ ᠢᠶᠠᠨ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ ᠠᠵᠢᠯ ᠠᠮᠢᠳᠤᠷᠠᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠡᠭᠡᠯ ᠪᠣᠷᠣᠭᠵᠢᠭᠤᠨ ᠦᠭᠡ ᠬᠡᠯᠡ ᠪᠠᠷ ᠤᠯᠠᠨ ᠳᠤ ᠳᠡᠷᠭᠡᠳᠡᠬᠢ ᠬᠥᠮᠦᠰ ᠤᠨ | ᠰᠡᠳᠬᠢᠯ ᠢ ᠬᠥᠳᠡᠯᠭᠡᠮ᠎ᠡ ᠪᠠᠭ᠎ᠠ ᠶᠠᠪᠤᠳᠠᠯ ᠢ ᠶᠠᠷᠢᠵᠤ᠂ ᠪᠠᠭ᠎ᠠ ᠶᠠᠪᠤᠳᠠᠯ ᠠᠴᠠ ᠴᠠᠭ ᠦᠶ᠎ᠡ ᠶᠢᠨ ᠵᠣᠷᠢᠭ ᠰᠠᠨᠠᠭ᠎ᠠ᠂ | ᠡᠭᠦᠷᠭᠡ ᠬᠠᠷᠢᠭᠤᠴᠠᠯᠭ᠎ᠠ᠂ ᠭᠡᠷ ᠤᠨ ᠰᠤᠷᠲᠠᠯ ᠤᠨ ᠤᠯᠠᠮᠵᠢᠯᠠᠯ ᠢ ᠲᠤᠰᠬᠠᠵᠤ᠂ ᠢᠳᠡᠪᠬᠢᠲᠡᠢ ᠥᠭᠡᠳᠡᠯᠡᠨ ᠲᠠᠪᠰᠢᠬᠤ | ᠠᠮᠢᠳᠤᠷᠠᠯ ᠤᠨ ᠠᠭᠤᠷ ᠠᠮᠢᠰᠬᠤᠯ ᠢ ᠪᠤᠢ ᠪᠣᠯᠭᠠᠪᠠ᠃ ᠠᠷᠠᠳ ᠢᠷᠭᠡᠳ ᠬᠥᠷᠰᠢ ᠵᠡᠷᠭᠡᠯᠡᠳᠡᠭᠡ ᠶᠢᠨ ᠢᠶᠠᠨ ᠦᠯᠢᠭᠡᠷ ᠢ | ᠶᠠᠷᠢᠬᠤ᠂ ᠢᠳᠡᠪᠬᠢ ᠬᠦᠴᠦᠨ ᠢ ᠳᠠᠮᠵᠢᠭᠤᠯᠬᠤ᠂ ᠰᠢᠨ᠎ᠡ ᠬᠡᠪ ᠰᠤᠷᠲᠠᠯ ᠢ ᠪᠠᠳᠠᠷᠠᠭᠤᠯᠬᠤ ᠪᠠᠷ ᠳᠠᠮᠵᠢᠭᠤᠯᠤᠨ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠳᠤ ᠭᠦᠨᠵᠡᠭᠡᠢ | ᠬᠤᠪᠢᠷᠠᠯᠲᠠ ᠭᠠᠷᠴᠤ᠂ ᠶᠣᠰᠣ ᠰᠤᠷᠲᠠᠬᠤᠨ ᠢ ᠡᠷᠬᠢᠮᠯᠡᠨ ᠰᠠᠶᠢᠨ ᠰᠠᠶᠢᠬᠠᠨ ᠢ ᠡᠷᠬᠢᠮᠯᠡᠬᠦ᠂ ᠡᠶ᠎ᠡ ᠵᠣᠬᠢᠴᠠᠩᠭᠤᠢ ᠪᠠᠷ | ᠬᠠᠮᠲᠤ ᠣᠷᠣᠰᠢᠬᠤ᠂ ᠬᠠᠷᠢᠯᠴᠠᠨ ᠬᠠᠪᠰᠤᠷᠤᠯᠴᠠᠵᠤ ᠬᠠᠶᠢᠷᠠᠯᠠᠨ ᠬᠠᠯᠠᠮᠵᠢᠯᠠᠬᠤ ᠨᠢ ᠬᠡᠪ ᠵᠠᠩᠰᠢᠯ ᠪᠣᠯᠤᠭᠰᠠᠨ ᠪᠠᠶᠢᠨ᠎ᠠ | ᠃ | ᠳᠠᠷᠠᠭᠠᠴᠢ ᠶᠢᠨ ᠠᠯᠬᠤᠮ ᠳᠤ᠂ ᠪᠡᠶ᠎ᠡ ᠶᠢᠨ ᠲᠠᠮᠢᠷ ᠤᠨ ᠲᠠᠯᠠᠪᠠᠢ ᠶᠢᠨ ᠨᠡᠶᠢᠭᠡᠮ ᠲᠣᠭᠤᠷᠢᠭ ᠤᠨ ᠬᠢᠨ | ᠦᠯᠢᠭᠡᠷ ᠤᠨ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢᠨ | ᠰᠢᠨ᠎ᠡ ᠶᠢ ᠡᠭᠦᠳᠴᠦ᠂ ᠭᠤᠣᠯ ᠰᠡᠳᠦᠪ ᠢ ︽ᠰᠢᠨ᠎ᠡ︾ ᠪᠣᠯᠭᠠᠵᠤ᠂ ᠠᠭᠤᠯᠭ᠎ᠠ ᠶᠢ ︽ᠪᠣᠳᠠᠲᠠᠢ︾ ᠪᠣᠯᠭᠠᠵᠤ᠂ | ᠤᠨᠤᠯ ᠢ ︽ᠠᠮᠢᠳᠤᠯᠢᠭ︾ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ | ᠴᠢᠨᠠᠭᠰᠢᠳᠠ ᠠᠬᠢᠭᠤᠯᠬᠤ ᠪᠣᠯᠤᠨ᠎ᠠ᠃ | ᠣᠷᠴᠢᠭᠤᠯᠤᠭᠴᠢ᠄ ᠳ᠋ᠥᠩ ᠾᠦᠢ | | |